ᠠᠭᠤᠯᠠ ᠠᠭᠤᠷᠬᠠᠢ ᠶᠢᠨ ᠰᠠᠯᠪᠤᠷᠢ ᠶᠢᠨ ᠰᠡᠷᠭᠦᠯᠲᠡ᠂ ᠡᠺᠰᠫᠣᠷᠲ ᠨᠡᠮᠡᠭᠳᠡᠭᠰᠡᠨ ᠲᠡᠢ ᠬᠣᠯᠪᠣᠭᠠᠲᠠᠢ ᠪᠠᠷ ᠲᠠᠲᠠᠪᠤᠷᠢ ᠶᠢᠨ ᠭᠦᠢᠴᠡᠳᠬᠡᠯ ᠣᠨ ᠤ ᠡᠬᠢᠨ ᠦ ᠳᠥᠷᠪᠡᠨ ᠰᠠᠷ᠎ᠠ ᠳᠤ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 1.5 ᠶᠡᠬᠡ ᠨᠠᠶᠤᠳ ᠲᠥᠭᠥᠷᠢᠭ ᠢᠶᠡᠷ ᠳᠠᠪᠠᠯ᠎ᠠ᠃ ᠮᠥᠨ ᠲᠥᠰᠥᠪ ᠲᠦ ᠲᠥᠪᠯᠡᠷᠡᠭᠦᠯᠬᠦ ᠣᠷᠣᠯᠭ᠎ᠠ ᠨᠢ 2022 ᠣᠨ ᠤ ᠮᠥᠨ ᠦᠶ᠎ᠡ ᠡᠴᠡ ᠨᠢᠭᠡ ᠣᠷᠴᠢᠮ ᠶᠡᠬᠡ ᠨᠠᠶᠤᠳ ᠲᠥᠭᠥᠷᠢᠭ ᠢᠶᠡᠷ ᠳᠠᠪᠠᠭᠰᠠᠨ ᠦᠵᠡᠭᠦᠯᠦᠯᠲᠡ ᠲᠡᠢ ᠪᠠᠶᠢᠨ᠎ᠠ᠃
2022 ᠣᠨ ᠳᠤ ᠬᠠᠮᠤᠭ ᠤᠨ ᠶᠡᠬᠡ ᠲᠠᠲᠠᠪᠤᠷᠢ ᠲᠥᠯᠦᠭᠰᠡᠨ ᠠᠵᠤ ᠠᠬᠤᠢ ᠶᠢᠨ ᠨᠢᠭᠡᠴᠡ ᠨᠦᠭᠦᠳ ᠦᠨ ᠵᠢᠭᠰᠠᠭᠠᠯᠲᠠ ᠳᠤ 《ᠡᠷᠳᠡᠨᠢᠲᠦ》ᠦᠢᠯᠡᠳᠪᠦᠷᠢ ᠂《 ᠤᠭ᠍ᠶᠤᠲᠤᠯᠤᠭᠠᠢ》ᠺᠤᠮᠫᠠᠨᠢ ᠵᠡᠷᠭᠡ ᠺᠣᠮᠫᠠᠨᠢ ᠨᠤᠭᠤᠳ ᠪᠠᠭᠲᠠᠭᠰᠠᠨ ᠪᠠᠶᠢᠨ᠎ᠠ᠃ ᠡᠨᠡ ᠣᠨ ᠳᠤ 10.1 ᠶᠡᠬᠡ ᠨᠠᠶᠤᠳ ᠲᠥᠭᠥᠷᠢᠭ ᠦᠨ ᠲᠠᠲᠠᠪᠤᠷᠢ ᠶᠢᠨ ᠭᠦᠢᠴᠡᠳᠬᠡᠯ ᠲᠡᠢ ᠪᠡᠷ ᠠᠵᠢᠯᠯᠠᠬᠤ ᠪᠠᠷ ᠵᠣᠷᠢᠵᠤ ᠪᠤᠢ ᠪᠠᠨ ᠲᠠᠲᠠᠪᠤᠷᠢ ᠶᠢᠨ ᠶᠡᠷᠦᠩᠬᠡᠢ ᠭᠠᠵᠠᠷ ᠮᠡᠳᠡᠭᠡᠯᠡᠵᠦ ᠪᠠᠶᠢᠨ᠎ᠠ᠃