ᠠᠮᠧᠷᠢᠺᠠ ᠶᠢᠨ ᠮᠢᠩᠭᠠᠨ ᠤ ᠰᠣᠷᠢᠯᠲᠠ ᠶᠢᠨ ᠺᠣᠷᠫᠣᠷᠠᠼ  ᠤᠨ ᠲᠥᠯᠥᠭᠡᠯᠡᠯ  ᠲᠠᠢ ᠠᠭᠤᠯᠵᠠᠪᠠ | News.MN

ᠠᠮᠧᠷᠢᠺᠠ ᠶᠢᠨ ᠮᠢᠩᠭᠠᠨ ᠤ ᠰᠣᠷᠢᠯᠲᠠ ᠶᠢᠨ ᠺᠣᠷᠫᠣᠷᠠᠼ  ᠤᠨ ᠲᠥᠯᠥᠭᠡᠯᠡᠯ  ᠲᠠᠢ ᠠᠭᠤᠯᠵᠠᠪᠠ

ᠪᠠᠷᠢᠯᠭ᠎ᠠ᠂ ᠬᠣᠲᠠ ᠪᠠᠶᠢᠭᠤᠯᠤᠯᠲᠠ ᠶᠢᠨ ᠶᠠᠮᠤᠨ ᠤ ᠲᠥᠷᠥ ᠶᠢᠨ ᠵᠠᠬᠢᠷᠭᠠᠨ ᠤ ᠤᠳᠤᠷᠢᠳᠤᠯᠭ᠎ᠠ ᠶᠢᠨ ᠭᠠᠵᠠᠷ ᠤᠨ ᠳᠠᠷᠤᠭ᠎ᠠ ᠼ ∙ ᠭᠠᠩᠰᠦ᠋ᠬᠡ ᠲᠡᠷᠢᠭᠦᠲᠡᠢ ᠬᠣᠯᠪᠣᠭᠳᠠᠬᠤ ᠠᠯᠪᠠᠨ ᠤ ᠬᠢᠨ ᠮᠢᠩᠭᠠᠨ ᠤ ᠰᠣᠷᠢᠯᠲᠠ ᠶᠢᠨ ᠺᠣᠷᠫᠣᠷᠠᠼ ᠤᠨ ᠨᠡᠶᠢᠭᠡᠮ᠂ ᠬᠦᠢᠰᠦ ᠶᠢᠨ ᠣᠷᠣᠯᠴᠠᠭᠠᠨ ᠤ ᠠᠰᠠᠭᠤᠳᠠᠯ ᠬᠠᠷᠢᠭᠤᠴᠠᠭᠰᠠᠨ ᠵᠥᠪᠯᠡᠬᠦ  ᠱᠷᠤᠨ ᠷᠣᠵᠧᠷᠰ ᠲᠡᠷᠢᠭᠦᠲᠡᠢ ᠲᠥᠯᠥᠭᠡᠯᠡᠯ ᠦᠳ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠪᠠᠷ 2023 ᠣᠨ ᠤ ᠦᠢᠯᠡ ᠠᠵᠢᠯᠯᠠᠭᠠᠨ ᠤ ᠲᠥᠯᠦᠪᠯᠡᠭᠡᠨ ᠦ ᠲᠥᠰᠥᠯ ᠳᠦ ᠲᠤᠰᠬᠠᠭᠳᠠᠭᠰᠠᠨ ᠠᠵᠢᠯ ᠤᠳ ᠢᠶᠠᠨ ᠬᠡᠷᠬᠢᠨ ᠬᠡᠷᠡᠭᠵᠢᠭᠦᠯᠬᠦ ᠲᠠᠯ᠎ᠠ ᠪᠠᠷ ᠵᠥᠪᠯᠡᠯᠳᠦᠪᠡ᠃
ᠠᠮᠧᠷᠢᠺᠠ ᠶᠢᠨ ᠮᠢᠩᠭᠠᠨ ᠤ ᠰᠣᠷᠢᠯᠲᠠ ᠶᠢᠨ ᠺᠣᠷᠫᠣᠷᠠᠼ ᠨᠢ ᠥᠪᠡᠷ ᠦᠨ ᠰᠠᠩᠬᠦᠦᠵᠢᠯᠲᠡ ᠲᠡᠢ ᠲᠥᠰᠥᠯ ᠦᠳ ᠦᠨ ᠪᠠᠷᠢᠮᠲᠠ ᠪᠢᠴᠢᠭ ᠦᠳ ᠲᠦ ᠨᠡᠶᠢᠭᠡᠮ᠂  ᠬᠦᠢᠰᠦ ᠶᠢᠨ ᠠᠰᠠᠭᠤᠳᠠᠯ ᠢ ᠲᠤᠰᠬᠠᠢ ᠪᠦᠯᠦᠭ ᠪᠣᠯᠭᠠᠨ ᠲᠤᠰᠬᠠᠵᠤ᠂ ᠬᠡᠷᠡᠭᠵᠢᠭᠦᠯᠵᠦ ᠢᠷᠡᠭᠰᠡᠨ ᠪᠥᠭᠡᠳ ᠪᠠᠷᠢᠯᠭ᠎ᠠ᠂ ᠬᠣᠲᠠ ᠬᠣᠲᠠ ᠪᠠᠶᠢᠭᠤᠯᠤᠯᠲᠠ ᠶᠢᠨ ᠶᠠᠮᠤᠨ ᠲᠠᠢ ᠡᠨᠡ ᠲᠠᠯ᠎ᠠ ᠶᠢᠨ ᠰᠠᠶᠢᠨ ᠲᠤᠷᠰᠢᠯᠭ᠎ᠠ ᠪᠠᠨ ᠬᠤᠪᠢᠶᠠᠯᠴᠠᠵᠤ᠂ ᠬᠦᠢᠰᠦ ᠶᠢᠨ ᠵᠣᠬᠢᠰᠲᠠᠢ ᠲᠣᠭᠲᠠᠯᠴᠠᠭ᠎ᠠ ᠶᠢ ᠮᠣᠩᠭᠣᠯ ᠤᠯᠤᠰ ᠤᠨ ᠪᠠᠷᠢᠯᠭ᠎ᠠ ᠶᠢᠨ ᠰᠠᠯᠪᠤᠷᠢ ᠳᠤ ᠪᠤᠢ ᠪᠣᠯᠭᠠᠬᠤ ᠪᠠᠷ ᠠᠵᠢᠯᠯᠠᠵᠤ ᠪᠠᠶᠢᠭ᠎ᠠ ᠨᠢ ᠰᠠᠶᠢᠨ ᠵᠢᠱᠢᠭ ᠭᠡᠳᠡᠭ ᠢ ᠣᠨᠴᠠᠯᠠᠪᠠ᠃
ᠮᠦᠨ ᠲᠥᠰᠥᠯ ᠦᠨ ᠪᠣᠯᠤᠨ ᠲᠧᠨᠳᠡᠷ ᠦᠨ ᠪᠠᠷᠢᠮᠲᠠ ᠪᠢᠴᠢᠭ ᠦᠳ ᠲᠦ ᠲᠧᠭᠨᠢᠭ ᠦᠨ ᠱᠠᠭᠠᠷᠳᠠᠯᠭ᠎ᠠ ᠠᠴᠠ ᠭᠠᠳᠠᠨ᠎ᠠ ᠨᠡᠶᠢᠭᠡᠮ᠂  ᠬᠦᠢᠰᠦ ᠶᠢᠨ ᠱᠠᠭᠠᠷᠳᠠᠯᠭ᠎ᠠ ᠨᠤᠭᠤᠳ ᠢ ᠲᠤᠰᠬᠠᠵᠤ᠂ ᠲᠤᠬᠠᠢ ᠶᠢᠨ ᠪᠠᠷᠢᠯᠭ᠎ᠠ ᠪᠠᠶᠢᠭᠤᠯᠤᠮᠵᠢ ᠬᠦᠮᠦᠨ ᠦ ᠬᠡᠷᠡᠭᠴᠡᠭᠡ ᠶᠢ ᠪᠦᠷᠢᠨ ᠬᠠᠩᠭᠠᠬᠤᠶᠢᠴᠠ ᠪᠠᠶᠢᠬᠤ᠂ ᠬᠥᠳᠡᠯᠮᠦᠷᠢ ᠶᠢᠨ ᠮᠥᠯᠵᠢᠯᠭᠡ᠂ ᠠᠵᠢᠯ ᠤᠨ ᠪᠠᠶᠢᠷᠢᠨ ᠤ ᠳᠠᠷᠤᠮᠲᠠ᠂ ᠠᠪᠯᠢᠭ᠎ᠠ ᠪᠣᠯᠤᠨ ᠠᠯᠠᠭᠴᠢᠯᠠᠯ ᠠᠴᠠ ᠠᠩᠬᠢᠲᠠ ᠪᠠᠶᠢᠬᠤ ᠠᠰᠠᠭᠤᠳᠠᠯ ᠤᠳ ᠢ ᠵᠢᠷᠤᠮ ᠢᠶᠠᠷ ᠵᠣᠬᠢᠴᠠᠭᠤᠯᠬᠤ ᠪᠠᠷ ᠲᠣᠬᠢᠷᠠᠯᠴᠠᠪᠠ᠃

ᠰᠡᠳᠬᠢᠭᠳᠡᠯ ᠦᠯᠡᠳᠡᠭᠡᠬᠦ