ᠤᠯᠤᠰ ᠤᠨ ᠶᠡᠬᠡ ᠬᠤᠷᠠᠯ ᠤᠨ ᠲᠥᠰᠥᠪ ᠦᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ ᠮᠣᠩᠭᠣᠯ ᠤᠯᠤᠰ ᠨᠢᠭᠡᠳᠦᠭᠰᠡᠨ ᠲᠥᠰᠥᠪ ᠦᠨ 2024 ᠣᠨ ᠤ ᠲᠥᠰᠥᠪ ᠦᠨ ᠬᠦᠷᠢᠶᠡᠨ ᠦ ᠮᠡᠳᠡᠭᠳᠡᠯ᠂ 2025-2026 ᠣᠨ ᠤ ᠲᠥᠰᠥᠪ ᠦᠨ ᠲᠥᠰᠥᠭᠡᠯᠡᠯ ᠦᠨ ᠲᠤᠬᠠᠢ ᠬᠠᠤᠯᠢ ᠶᠢᠨ ᠲᠥᠰᠥᠯ ᠢ ᠬᠡᠯᠡᠯᠴᠡᠯ᠎ᠡ᠃ ᠡᠨᠡ ᠦᠶ᠎ᠡ ᠪᠡᠷ ᠰᠠᠩ ᠤᠨ ᠶᠠᠮᠤᠨ ᠤ ᠰᠠᠩᠬᠦᠦ ᠶᠢᠨ ᠪᠣᠳᠣᠯᠭ᠎ᠠ ᠶᠢᠨ ᠭᠠᠵᠠᠷ ᠤᠨ ᠥᠷᠢ ᠶᠢᠨ ᠤᠳᠤᠷᠢᠳᠤᠯᠭ᠎ᠠ ᠶᠢᠨ ᠬᠡᠯᠲᠡᠰ ᠦᠨ ᠳᠠᠷᠤᠭ᠎ᠠ ᠨ∙ᠣᠳᠣᠨᠲᠤᠶᠠᠭ᠎ᠠ ᠮᠣᠩᠭᠣᠯ ᠤᠯᠤᠰ ᠤᠨ 2024 ᠣᠨ ᠳᠤ ᠤᠯᠭᠤᠬᠤ ᠪᠤᠨᠳ᠋ ᠤᠨ ᠥᠷᠢ ᠲᠥᠯᠥᠪᠦᠷᠢ ᠶᠢᠨ ᠮᠡᠳᠡᠭᠡᠯᠡᠯ ᠢ ᠦᠭᠭᠦᠯ᠎ᠡ᠃
ᠲᠡᠷᠡ ᠪᠡᠷ᠄ 2024 ᠣᠨ ᠤ ᠭᠤᠷᠪᠠᠳᠤᠭᠠᠷ ᠰᠠᠷ᠎ᠠ ᠳᠤ︽ᠬᠤᠷᠠᠯᠳᠠᠢ︾ᠪᠤᠨᠳ᠋ ᠤᠨ 391 ᠰᠠᠶ᠎ᠠ ᠳ᠋ᠣᠯᠯᠠᠷ ᠤᠨ ᠦᠨᠳᠦᠰᠦᠨ ᠲᠥᠯᠥᠪᠦᠷᠢ᠂ ᠭᠠᠳᠠᠭᠠᠳᠤ ᠵᠢᠭᠡᠯᠡ ᠶᠢᠨ ᠦᠨᠳᠦᠰᠦᠨ ᠲᠥᠯᠥᠪᠦᠷᠢ ᠳᠦ 380 ᠰᠠᠶ᠎ᠠ᠂ ᠬᠦᠦ ᠶᠢᠨ ᠲᠥᠯᠥᠪᠦᠷᠢ ᠳᠦ 299 ᠰᠠᠶ᠎ᠠ ᠳ᠋ᠣᠯᠯᠠᠷ ᠤᠨ ᠦᠷᠢ ᠲᠥᠯᠥᠪᠦᠷᠢ ᠨᠦᠭᠦᠳ ᠢ ᠲᠦᠯᠦᠬᠦ ᠶᠣᠰᠣᠲᠠᠢ ᠭᠡᠯᠡ᠃