ᠮᠥᠩᠭᠥᠨ ᠦ ᠨᠡᠶᠢᠯᠡᠭᠦᠯᠦᠯᠲᠡ ᠳᠥᠷᠪᠡᠳᠦᠭᠡᠷ ᠰᠠᠷ᠎ᠠ ᠳᠤ 30.1 ᠶᠡᠬᠡ ᠨᠠᠶᠤᠳ ᠲᠥᠭᠥᠷᠢᠭ ᠪᠣᠯᠵᠠᠢ᠃ ᠡᠨᠡ ᠨᠢ ᠡᠮᠦᠨᠡᠬᠢ ᠣᠨ ᠤ ᠮᠥᠨ ᠦᠶ᠎ᠡ ᠡᠴᠡ 2.7 ᠶᠡᠬᠡ ᠨᠠᠶᠤᠳ ᠲᠥᠭᠥᠷᠢᠭ ᠢᠶᠡᠷ ᠪᠤᠶᠤ 9.9 ᠬᠤᠪᠢ ᠪᠠᠷ ᠨᠡᠮᠡᠭᠳᠡᠭᠰᠡᠨ ᠦᠵᠡᠭᠦᠯᠦᠯᠲᠡ ᠶᠤᠮ᠃
ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ᠄ ᠠᠩᠬᠠᠷᠤᠯ ᠬᠠᠨᠳᠤᠭᠤᠯᠬᠤ ᠵᠢᠭᠡᠯᠡ ᠶᠢᠨ ᠦᠷᠢ ᠶᠢᠨ ᠦᠯᠡᠳᠡᠭᠳᠡᠯ 1.4 ᠶᠡᠬᠡ ᠨᠠᠶᠤᠳ ᠲᠥᠭᠥᠷᠢᠭ ᠪᠣᠯᠵᠤ 39 ᠬᠤᠪᠢ ᠪᠠᠷ᠂ ᠴᠢᠨᠠᠷ ᠦᠭᠡᠢ ᠵᠢᠭᠡᠯᠡ ᠶᠢᠨ ᠦᠷᠢ ᠶᠢᠨ ᠦᠯᠡᠳᠡᠭᠳᠡᠯ 2.3 ᠶᠡᠬᠡ ᠨᠠᠶᠤᠳ ᠲᠥᠭᠥᠷᠢᠭ ᠪᠣᠯᠵᠤ 7.2 ᠬᠤᠪᠢ ᠪᠠᠷ ᠲᠤᠰ ᠲᠤᠰ ᠥᠰᠦᠭᠰᠡᠨ ᠪᠠᠶᠢᠨ᠎ᠠ᠃
ᠬᠠᠩᠰᠢ ᠶᠢᠨ ᠲᠤᠬᠠᠢ ᠳᠤ᠄ ᠲᠥᠭᠥᠷᠢᠭ ᠦᠨ ᠳ᠋ᠣᠯᠯᠠᠷ ᠲᠠᠢ ᠬᠠᠷᠢᠴᠠᠬᠤ ᠰᠠᠷ᠎ᠠ ᠶᠢᠨ ᠳᠤᠮᠳᠠᠴᠢ ᠬᠠᠩᠰᠢ 3496.41 ᠲᠥᠭᠥᠷᠢᠭ᠂ ᠶᠤᠸᠠᠨ ᠲᠠᠢ ᠬᠠᠷᠢᠴᠠᠬᠤ ᠰᠠᠷ᠎ᠠ ᠶᠢᠨ ᠳᠤᠮᠳᠠᠴᠢ ᠬᠠᠩᠰᠢ 507.64 ᠲᠥᠭᠥᠷᠢᠭ᠂ ᠷᠦᠪᠯᠢ ᠲᠡᠢ ᠬᠠᠷᠢᠴᠠᠬᠤ ᠰᠠᠷ᠎ᠠ ᠶᠢᠨ ᠳᠤᠮᠳᠠᠴᠢ ᠬᠠᠩᠰᠢ 43.05 ᠲᠥᠭᠥᠷᠢᠭ ᠪᠠᠶᠢᠨ᠎ᠠ᠃