ᠮᠣᠩᠭᠣᠯ ᠪᠧᠯᠭᠢ  ᠶᠢᠨ ᠵᠥᠪᠯᠡᠯᠳᠦᠬᠦ ᠠᠭᠤᠯᠵᠠᠯᠲᠠ ᠶᠢ ᠢᠷᠡᠬᠦ ᠣᠨ ᠳᠤ ᠵᠣᠬᠢᠶᠠᠨ ᠪᠠᠶᠢᠭᠤᠯᠤᠨ᠎ᠠ | News.MN

ᠮᠣᠩᠭᠣᠯ ᠪᠧᠯᠭᠢ  ᠶᠢᠨ ᠵᠥᠪᠯᠡᠯᠳᠦᠬᠦ ᠠᠭᠤᠯᠵᠠᠯᠲᠠ ᠶᠢ ᠢᠷᠡᠬᠦ ᠣᠨ ᠳᠤ ᠵᠣᠬᠢᠶᠠᠨ ᠪᠠᠶᠢᠭᠤᠯᠤᠨ᠎ᠠ

ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠪᠧᠯᠭᠢ ᠶᠢᠨ ᠬᠠᠭᠠᠨᠲᠤ ᠤᠯᠤᠰ ᠤᠨ ᠭᠠᠳᠠᠭᠠᠳᠤ ᠬᠡᠷᠡᠭ ᠦᠨ ᠰᠠᠶᠢᠳ ᠬᠠᠳ᠋ᠵᠠ ᠯᠠᠪᠢᠪ ᠲᠠᠢ 5 ᠳ᠋ᠤᠭᠠᠷ ᠰᠠᠷ᠎ᠠ ᠶᠢᠨ 15  ᠳᠦ ᠰᠯᠣᠸᠧᠨᠢ ᠤᠯᠤᠰ ᠤᠨ ᠨᠡᠶᠢᠰᠯᠡᠯ ᠯᠦᠪᠯᠶᠠᠨ᠎ᠠ ᠬᠤᠲᠠᠨ᠎ᠠ ᠠᠭᠤᠯᠵᠠᠵᠤ᠂ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠤᠯᠢᠯᠴᠠᠪᠠ᠃
ᠪ ∙ ᠪᠠᠲᠤᠴᠡᠴᠡᠭ ᠬᠣᠶᠠᠷ ᠣᠷᠣᠨ ᠤ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ᠂ ᠠᠷᠠᠳᠴᠢᠯᠠᠯ ᠤᠨ ᠨᠡᠶᠢᠲᠡᠯᠢᠭ ᠦᠨᠡᠲᠦ ᠵᠦᠢᠯᠡᠰ ᠲᠦ ᠲᠤᠯᠭᠠᠭᠤᠷᠢᠯᠠᠨ ᠢᠳᠡᠪᠬᠢᠵᠢᠨ ᠬᠥᠭᠵᠢᠵᠦ ᠪᠤᠢ ᠶᠢ ᠲᠡᠮᠳᠡᠭᠯᠡᠵᠦ᠂ ᠴᠠᠭᠠᠰᠢᠳᠠ ᠠᠶᠠᠯᠠᠯ ᠵᠢᠭᠤᠯᠴᠢᠯᠠᠯ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ ᠶᠢ ᠢᠳᠡᠪᠬᠢᠵᠢᠭᠦᠯᠬᠦ ᠳᠦ ᠬᠠᠮᠲᠤᠷᠠᠨ ᠠᠵᠢᠯᠯᠠᠬᠤ ᠪᠠᠨ ᠣᠨᠴᠠᠯᠠᠪᠠ᠃ ᠪᠧᠯᠬᠢ ᠤᠯᠤᠰ ᠲᠤ ᠠᠮᠢᠳᠤᠷᠠᠵᠤ᠂ ᠠᠵᠢᠯᠯᠠᠵᠤ ᠪᠤᠢ ᠮᠣᠩᠭᠣᠯ ᠤᠯᠤᠰ ᠤᠨ ᠢᠷᠭᠡᠳ ᠦᠨ ᠵᠢᠯᠤᠭᠤᠨ ᠤ ᠦᠨᠡᠮᠯᠡᠬᠦ ᠶᠢ ᠪᠸᠯᠭᠢ ᠶᠢᠨ ᠵᠢᠯᠤᠭᠤᠨ ᠤ ᠦᠨᠡᠮᠯᠡᠬᠦ ᠪᠡᠷ ᠰᠣᠯᠢᠭᠤᠯᠬᠤ ᠰᠢᠢᠳᠪᠦᠷᠢ ᠭᠠᠷᠭᠠᠭᠰᠠᠨ ᠳᠤ ᠲᠠᠯᠠᠷᠬᠠᠯ ᠢᠯᠡᠷᠬᠡᠶᠢᠯᠡᠪᠡ᠃
ᠪᠧᠯᠬᠢ ᠤᠯᠤᠰ ᠤᠨ ᠭᠠᠳᠠᠭᠠᠳᠤ ᠬᠡᠷᠡᠭ ᠦᠨ ᠰᠠᠶᠢᠳ ᠬᠠᠳ᠋ᠵᠠ ᠯᠠᠪᠢᠪ ᠰᠡᠷᠭᠦᠭᠡᠭᠳᠡᠬᠦ ᠡᠷᠴᠢᠮ ᠬᠦᠴᠦ᠂ ᠡᠷᠡᠭᠦᠯ ᠮᠡᠨᠳᠦ ᠵᠡᠷᠭᠡ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠥᠭᠵᠢᠭᠦᠯᠬᠦ ᠰᠣᠨᠢᠷᠬᠠᠯᠲᠠᠢ ᠪᠤᠢ ᠪᠠᠨ ᠢᠯᠡᠷᠬᠡᠶᠢᠯᠡᠵᠦ᠂ ᠶᠠᠷᠢᠶ᠎ᠠ ᠬᠡᠯᠡᠯᠴᠡᠭᠡᠨ ᠦ ᠮᠧᠬᠠᠨᠢᠰᠮ ᠪᠣᠯᠬᠤ ᠭᠠᠳᠠᠭᠠᠳᠤ ᠬᠠᠷᠢᠯᠴᠠᠭᠠᠨ ᠤ ᠶᠠᠮᠤᠨ ᠬᠣᠭᠣᠷᠣᠨᠳᠣ ᠶᠢᠨ ᠵᠥᠪᠯᠡᠯᠳᠦᠬᠦ ᠠᠭᠤᠯᠵᠠᠯᠲᠠ ᠶᠢ ᠢᠷᠡᠬᠦ ᠣᠨ ᠤ ᠡᠬᠢᠨ ᠦ ᠬᠠᠭᠠᠰ ᠲᠤ ᠵᠣᠬᠢᠶᠠᠨ ᠪᠠᠶᠢᠭᠤᠯᠬᠤ ᠪᠠᠷ ᠲᠥᠯᠥᠪᠯᠡᠭᠰᠡᠨ ᠢᠶᠡᠨ ᠨᠣᠲᠠᠯᠠᠪᠠ᠃

ᠰᠡᠳᠬᠢᠭᠳᠡᠯ ᠦᠯᠡᠳᠡᠭᠡᠬᠦ