ᠠᠽᠢᠶ᠎ᠠ᠂ ᠨᠣᠮᠣᠬᠠᠨ ᠳᠠᠯᠠᠢ ᠶᠢᠨ ᠡᠳ᠋  ᠦᠨ ᠵᠠᠰᠠᠭ᠂ ᠨᠡᠶᠢᠭᠡᠮ ᠤᠨ ᠺᠣᠮᠢᠰ ᠤᠨ ᠡᠭᠡᠯᠵᠢᠲᠦ 79 ᠳ᠋ᠤᠭᠡᠷ ᠴᠢᠭᠤᠯᠭᠠᠨ ᠡᠬᠢᠯᠡᠪᠡ | News.MN

ᠠᠽᠢᠶ᠎ᠠ᠂ ᠨᠣᠮᠣᠬᠠᠨ ᠳᠠᠯᠠᠢ ᠶᠢᠨ ᠡᠳ᠋  ᠦᠨ ᠵᠠᠰᠠᠭ᠂ ᠨᠡᠶᠢᠭᠡᠮ ᠤᠨ ᠺᠣᠮᠢᠰ ᠤᠨ ᠡᠭᠡᠯᠵᠢᠲᠦ 79 ᠳ᠋ᠤᠭᠡᠷ ᠴᠢᠭᠤᠯᠭᠠᠨ ᠡᠬᠢᠯᠡᠪᠡ

ᠲᠠᠢᠯᠠᠨᠳ᠋ ᠤᠨ ᠬᠠᠭᠠᠨᠲᠤ ᠤᠯᠤᠰ ᠤᠨ ᠨᠡᠶᠢᠰᠯᠡᠯ ᠪᠠᠩᠺᠤᠺ ᠬᠤᠲᠠᠨ᠎ᠠ ᠡᠨᠡ ᠰᠠᠷ᠎ᠠ ᠶᠢᠨ 15  ᠳᠦ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ᠂ ᠨᠣᠮᠣᠬᠠᠨ ᠳᠠᠯᠠᠢ ᠶᠢᠨ ᠡᠳ᠋  ᠦᠨ ᠵᠠᠰᠠᠭ᠂ ᠨᠡᠶᠢᠭᠡᠮ ᠤᠨ ᠺᠣᠮᠢᠰ  ᠤᠨ ᠡᠭᠡᠯᠵᠢᠲᠦ 79 ᠳ᠋ᠤᠭᠡᠷ ᠴᠢᠭᠤᠯᠭᠠᠨ ᠡᠬᠢᠯᠡᠪᠡ᠃
ᠴᠢᠭᠤᠯᠭᠠᠨ ᠤ ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠤᠶᠤᠡᠡᠷᠳᠡᠨᠢ ᠴᠠᠬᠢᠮ ᠢᠶᠠᠷ ᠮᠡᠨᠳᠦᠴᠢᠯᠡᠭᠡ ᠳᠡᠪᠰᠢᠭᠦᠯᠵᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ᠂ ᠨᠣᠮᠣᠬᠠᠨ ᠳᠠᠯᠠᠢ ᠶᠢᠨ ᠡᠳ᠋ ᠦᠨ ᠵᠠᠰᠠᠭ᠂ ᠨᠡᠶᠢᠭᠡᠮ ᠤᠨ ᠺᠣᠮᠢᠰ ᠨᠢ ᠪᠥᠰᠡ ᠨᠤᠲᠤᠭ ᠤᠨ ᠡᠳ᠋  ᠦᠨ ᠵᠠᠰᠠᠭ ᠤᠨ ᠬᠥᠭᠵᠢᠯ᠂ ᠨᠡᠶᠢᠭᠡᠮ ᠤᠨ ᠶᠠᠳᠠᠭᠤᠷᠠᠯ ᠢ ᠪᠠᠭᠤᠷᠠᠭᠤᠯᠬᠤ᠂ ᠪᠠᠶᠢᠭᠠᠯᠢ ᠣᠷᠴᠢᠨ ᠤ ᠲᠣᠭᠲᠠᠪᠤᠷᠢᠲᠠᠢ ᠪᠠᠶᠢᠳᠠᠯ ᠢ ᠬᠠᠩᠭᠠᠬᠤ ᠳᠤ ᠤᠴᠠᠷᠠᠵᠤ ᠪᠤᠢ ᠪᠡᠷᠬᠡᠰᠢᠶᠡᠯ ᠢ ᠳᠠᠪᠠᠨ ᠲᠤᠭᠤᠯᠬᠤ᠂ ᠰᠢᠨᠡᠯᠢᠭ ᠠᠷᠭ᠎ᠠ ᠵᠠᠮ ᠢ ᠣᠯᠵᠤ ᠬᠡᠷᠡᠭᠵᠢᠭᠦᠯᠬᠦ ᠲᠠᠯ᠎ᠠ ᠪᠠᠷ ᠭᠡᠰᠢᠭᠦᠨ ᠤᠯᠤᠰ ᠲᠤ ᠰᠲᠷᠠᠲ᠋ᠧᠭᠢ ᠶᠢᠨ ᠳ᠋ᠦᠩ ᠰᠢᠨᠵᠢᠯᠡᠭᠡ ᠬᠢᠬᠦ᠂ ᠪᠣᠳᠣᠯᠭ᠎ᠠ ᠶᠢᠨ ᠰᠠᠨᠠᠯ ᠪᠣᠯᠪᠠᠰᠤᠷᠠᠭᠤᠯᠬᠤ᠂ ᠲᠧᠭᠨᠢᠭ ᠦᠨ ᠬᠠᠮᠲᠤ ᠶᠢᠨ ᠠᠵᠢᠯᠯᠠᠭ᠎ᠠ ᠪᠠᠨ ᠬᠥᠭᠵᠢᠭᠦᠯᠬᠦ ᠵᠠᠮ ᠢᠶᠠᠷ ᠳᠡᠮᠵᠢᠯᠭᠡ ᠦᠵᠡᠭᠦᠯᠵᠦ ᠢᠷᠡᠭᠰᠡᠨ ᠳᠦ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠨᠡᠷ᠎ᠡ ᠶᠢᠨ ᠡᠮᠦᠨ᠎ᠡ ᠡᠴᠡ ᠲᠠᠯᠠᠷᠬᠠᠯ ᠢᠯᠡᠷᠬᠡᠶᠢᠯᠡᠪᠡ᠃
ᠺᠣᠮᠢᠰ ᠤᠨ 79 ᠳ᠋ᠤᠭᠡᠷ ᠴᠢᠭᠤᠯᠭᠠᠨ ᠤ ᠳᠠᠷᠤᠭ᠎ᠠ ᠪᠠᠷ ᠲᠤᠩᠭᠤ ᠤᠯᠤᠰ ᠤᠨ ᠭᠠᠳᠠᠭᠠᠳᠤ ᠬᠡᠷᠡᠭ ᠦᠨ ᠰᠠᠶᠢᠳ ᠹᠧᠺᠢᠲ᠋ᠠᠮᠣᠧᠯ ᠺᠠᠲ᠋ᠣᠠ  ᠤᠲ᠋ᠠᠢᠺᠠᠮᠠᠨᠤ᠋ ᠲᠣᠮᠢᠯᠠᠭᠳᠠᠵᠤ᠂ ᠳᠡᠳ᠋ ᠳᠠᠷᠤᠭ᠎ᠠ ᠪᠠᠷ ᠺᠠᠽᠠᠾᠰᠲ᠋ᠠᠨ ᠤ ᠴᠠᠬᠢᠮ ᠬᠥᠭᠵᠢᠯ ᠦᠨ ᠳᠡᠳ᠋ ᠰᠠᠶᠢᠳ ᠠᠰᠺᠠᠷ ᠵᠠᠮᠪᠠᠺᠢᠨ᠂  ᠪᠦᠭᠦᠳᠡ ᠨᠠᠢᠷᠠᠮᠳᠠᠬᠤ ᠰᠤᠯᠤᠩᠭᠤᠰ ᠤᠯᠤᠰ  ᠤᠨ ᠴᠠᠭ ᠠᠭᠤᠷ ᠤᠨ ᠥᠭᠡᠷᠡᠴᠢᠯᠡᠯᠲᠡ ᠶᠢᠨ ᠠᠰᠠᠭᠤᠳᠠᠯ ᠬᠠᠷᠢᠭᠤᠴᠠᠭᠰᠠᠨ ᠳᠡᠳ᠋ ᠰᠠᠶᠢᠳ ᠾᠢᠦ᠋ᠨ ᠵᠧᠨᠨᠢ ᠺᠢᠮ᠂ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ  ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ ∙ᠠᠩᠬᠠᠪᠠᠶᠠᠷ ᠨᠠᠷ ᠰᠣᠩᠭᠣᠭᠳᠠᠪᠠ᠃

ᠰᠡᠳᠬᠢᠭᠳᠡᠯ ᠦᠯᠡᠳᠡᠭᠡᠬᠦ