ᠡᠷᠡᠭᠲᠡᠶᠢᠴᠦᠳ ᠲᠦ ᠵᠦᠪᠯᠡᠯᠭᠡ᠂ ᠮᠡᠳᠡᠭᠡᠯᠡᠯ ᠥᠭᠬᠦ ᠵᠢᠱᠢᠭ ᠲᠥᠪ ᠪᠠᠶᠢᠭᠤᠯᠤᠯ᠎ᠠ | News.MN

ᠡᠷᠡᠭᠲᠡᠶᠢᠴᠦᠳ ᠲᠦ ᠵᠦᠪᠯᠡᠯᠭᠡ᠂ ᠮᠡᠳᠡᠭᠡᠯᠡᠯ ᠥᠭᠬᠦ ᠵᠢᠱᠢᠭ ᠲᠥᠪ ᠪᠠᠶᠢᠭᠤᠯᠤᠯ᠎ᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠮᠦᠨ ᠠᠮᠠ ᠶᠢᠨ ᠰᠠᠩ᠂  ᠰᠸᠢᠰ ᠤᠨ ᠬᠥᠭᠵᠢᠯ ᠦᠨ ᠠᠭᠧᠨᠲᠯᠢᠭ ᠲᠠᠢ ᠬᠠᠮᠲᠤᠷᠠᠨ ᠬᠡᠷᠡᠭᠵᠢᠭᠦᠯᠵᠦ ᠪᠤᠢ 《ᠵᠧᠨᠳᠧᠷ ᠲᠦ ᠰᠠᠭᠤᠷᠢᠯᠠᠭᠰᠠᠨ ᠬᠦᠴᠦᠷᠬᠡᠶᠢᠯᠡᠯ ᠲᠡᠢ ᠲᠡᠮᠡᠴᠡᠬᠦ ᠨᠢ》 ᠲᠥᠰᠥᠯ ᠦᠨ ᠬᠦᠷᠢᠶᠡᠨ ᠳᠦ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤᠨ ᠴᠡᠩᠭᠡᠯᠲᠡᠢ ᠳᠡᠭᠦᠷᠭᠡ ᠳᠦ 《ᠡᠷᠡᠭᠲᠡᠶᠢᠴᠦᠳ ᠲᠦ ᠵᠦᠪᠯᠡᠯᠭᠡ᠂ ᠮᠡᠳᠡᠭᠡᠯᠡᠯ ᠥᠭᠬᠦ ᠵᠢᠱᠢᠭ ᠲᠥᠪ》  ᠢ ᠪᠠᠶᠢᠭᠤᠯᠤᠯ᠎ᠠ᠃

ᠡᠨᠡ ᠲᠥᠪ ᠨᠢ ᠢᠷᠭᠡᠳ ᠣᠯᠠᠨ ᠨᠡᠶᠢᠲᠡ ᠳᠦ ᠬᠠᠤᠯᠢ ᠡᠷᠬᠡ ᠵᠦᠢ᠂ ᠨᠡᠶᠢᠭᠡᠮ ᠰᠡᠳᠬᠢᠯ ᠵᠦᠢ ᠶᠢᠨ ᠵᠦᠪᠯᠡᠯᠭᠡ ᠶᠢ ᠮᠡᠷᠭᠡᠵᠢᠯ ᠦᠨ ᠨᠡᠶᠢᠭᠡᠮ ᠤᠨ ᠠᠵᠢᠯᠲᠠᠨ᠂ ᠰᠡᠳᠬᠢᠯ ᠵᠦᠢᠴᠢᠳ ᠨᠢ ᠪᠡᠶᠡᠴᠢᠯᠡᠨ ᠪᠣᠯᠤᠨ ᠤᠲᠠᠰᠤ ᠪᠠᠷ ᠥᠭᠬᠦ ᠶᠤᠮ᠃︽ᠣᠯᠠᠨ ᠤᠯᠤᠰ ᠤᠨ ᠭᠡᠷ ᠪᠦᠯᠢ ᠶᠢᠨ ᠡᠳᠦᠷ︾ ᠢ ᠲᠣᠬᠢᠶᠠᠯᠳᠤᠭᠤᠯᠤᠨ ᠲᠤᠰ ᠲᠥᠪ ᠥᠴᠥᠭᠡᠳᠦᠷ ᠨᠡᠭᠡᠭᠡᠯᠲᠡ ᠪᠡᠨ ᠬᠢᠵᠡᠢ᠃

ᠰᠡᠳᠬᠢᠭᠳᠡᠯ ᠦᠯᠡᠳᠡᠭᠡᠬᠦ