ᠤᠯᠤᠰ ᠤᠨ ᠶᠡᠬᠡ ᠬᠤᠷᠠᠯ ᠳᠦ ᠰᠠᠭᠤᠳᠠᠯ ᠲᠠᠢ ᠨᠠᠮ ᠤᠳ ᠤᠨ ᠲᠥᠯᠥᠭᠡᠯᠡᠯ ᠥᠨᠥᠳᠥᠷ ᠲᠥᠷᠥ ᠶᠢᠨ ᠣᠷᠳᠣᠨ ᠳᠤ ᠬᠡᠪᠯᠡᠯ ᠦᠨ ᠪᠠᠭ᠎ᠠ ᠬᠤᠷᠠᠯ ᠬᠢᠬᠦ ᠦᠶ᠎ᠡ ᠪᠡᠷ ᠢᠶᠡᠨ《ᠦᠨᠳᠦᠰᠦᠨ ᠬᠠᠤᠯᠢ ᠳᠤ ᠤᠷᠤᠭᠤᠯᠬᠤ ᠥᠭᠡᠷᠡᠴᠢᠯᠡᠯᠲᠡ ᠶᠢᠨ ᠬᠦᠷᠢᠶᠡᠨ ᠳᠦ ᠵᠥᠪᠰᠢᠯᠴᠡᠯ ᠳᠦ ᠬᠦᠷᠦᠭᠰᠡᠨ》 ᠬᠡᠮᠡᠨ ᠮᠡᠳᠡᠭᠳᠡᠵᠦ᠂ ᠶᠠᠮᠠᠷ ᠵᠥᠪᠰᠢᠯᠴᠡᠯ ᠳᠦ ᠬᠦᠷᠦᠭᠰᠡᠨ ᠲᠠᠯ᠎ᠠ ᠪᠠᠷ ᠢᠶᠠᠨ ᠮᠡᠳᠡᠭᠡᠯᠡᠯ ᠥᠭᠭᠦᠯ᠎ᠡ᠃
ᠮᠤᠩᠭᠤᠯ ᠠᠷᠠᠳ ᠤᠨ ᠨᠠᠮ ᠤᠨ ᠪᠦᠯᠦᠭ ᠦᠨ ᠳᠠᠷᠤᠭ᠎ᠠ ᠳ∙ᠲᠣᠭᠲᠠᠬᠤᠰᠦ᠋ᠷᠦᠩ ᠮᠡᠳᠡᠭᠡᠯᠡᠯ ᠦᠨ ᠡᠬᠢᠨ ᠳᠦ ᠬᠡᠯᠡᠬᠦ ᠳᠦ ᠪᠡᠨ᠄ 《ᠤᠯᠤᠰ ᠤᠨ ᠶᠡᠬᠡ ᠬᠤᠷᠠᠯ ᠤᠨ ᠭᠡᠰᠢᠭᠦᠳ ᠦᠨ ᠲᠣᠭ᠎ᠠ ᠶᠢ 126 ᠪᠠᠷ᠂ ᠲᠣᠭᠣᠷᠢᠭ ᠢᠶᠠᠷ ᠪᠤᠶᠤ ᠮᠠᠵᠤᠷᠢᠲ᠋ᠤᠷ ᠢᠶᠠᠷ ᠰᠣᠩᠭᠣᠭᠳᠠᠬᠤ ᠨᠢ 76᠂ ᠬᠤᠪᠢ ᠲᠡᠩᠴᠡᠭᠦᠯᠦᠭᠰᠡᠨ ᠪᠤᠶᠤ ᠫᠷᠣᠫᠤᠷᠼᠢᠶᠣᠨᠠᠯ ᠢᠶᠠᠷ ᠰᠣᠩᠭᠣᠭᠳᠠᠬᠤ ᠨᠢ 50 ᠭᠡᠰᠢᠭᠦᠨ ᠪᠠᠶᠢᠬᠤ ᠨᠢ ᠵᠦᠢᠲᠡᠢ ᠭᠡᠳᠡᠭ ᠳᠡᠭᠡᠷ᠎ᠡ ᠭᠤᠷᠪᠠᠨ ᠨᠠᠮ ᠵᠥᠪᠰᠢᠯᠴᠡᠯ ᠳᠦ ᠬᠦᠷᠦᠭᠰᠡᠨ ᠭᠡᠯᠡ᠃
ᠠᠷᠠᠳᠴᠢᠯᠠᠭᠰᠠᠨ ᠨᠠᠮ ᠤᠨ ᠪᠦᠯᠦᠭ ᠦᠨ ᠳᠠᠷᠤᠭ᠎ᠠ ᠣ᠊ ∙ ᠴᠤᠭᠲᠤᠭᠡᠷᠠᠯ᠄ ᠬᠣᠯᠢᠮᠠᠭ ᠲᠣᠭᠲᠠᠯᠴᠠᠭᠠᠨ ᠤ ᠬᠤᠪᠢᠯᠪᠤᠷᠢ ᠶᠢ ᠰᠣᠩᠭᠣᠭᠤᠯᠢ ᠳᠤ ᠠᠰᠢᠭᠯᠠᠬᠤ ᠶᠣᠰᠣᠲᠠᠢ ᠭᠡᠳᠡᠭ ᠳᠡᠭᠡᠷ᠎ᠡ ᠡᠮᠦᠨᠡᠬᠢ ᠵᠢᠯ ᠦᠳ ᠲᠦ ᠴᠤ ᠶᠠᠷᠢᠵᠤ ᠢᠷᠡᠭᠰᠡᠨ᠃ ᠦᠨᠳᠦᠰᠦᠨ ᠬᠠᠤᠯᠢ ᠳᠤ ᠤᠷᠤᠭᠤᠯᠬᠤ ᠥᠭᠡᠷᠡᠴᠢᠯᠡᠯᠲᠡ ᠶᠢᠨ ᠬᠦᠷᠢᠶᠡᠨ ᠳᠦ ᠠᠷᠠᠳᠴᠢᠯᠠᠭᠰᠠᠨ ᠨᠠᠮ ᠬᠦᠮᠦᠨ ᠦ ᠡᠷᠬᠡ ᠶᠢ ᠬᠠᠮᠠᠭᠠᠯᠠᠬᠤ ᠠᠰᠠᠭᠤᠳᠠᠯ ᠢ ᠳᠡᠭᠡᠭᠰᠢᠯᠡᠭᠦᠯᠬᠦ᠂ ᠰᠢᠭᠦᠬᠦ ᠶᠢ ᠬᠠᠷᠢᠶᠠᠲᠤ ᠪᠤᠰᠤ ᠪᠣᠯᠭᠠᠬᠤ ᠵᠡᠷᠭᠡ ᠲᠠᠪᠤᠨ ᠪᠠᠭᠴᠠ 18 ᠰᠠᠨᠠᠯ ᠢ ᠬᠦᠷᠭᠡᠭᠦᠯᠦᠭᠰᠡᠨ ᠴᠤ ᠲᠣᠭᠲᠠᠯᠴᠠᠭ᠎ᠠ ᠶᠢ ᠥᠭᠡᠷᠡᠴᠢᠯᠡᠬᠦ ᠲᠤᠬᠠᠢ ᠠᠰᠠᠭᠤᠳᠠᠯ ᠠᠴᠠ ᠥᠭᠡᠷ᠎ᠡ ᠰᠠᠨᠠᠯ ᠬᠡᠯᠡᠯᠴᠡᠭᠰᠡᠨ ᠦᠭᠡᠢ᠃ ᠭᠡᠬᠦ ᠳᠦ ᠪᠡᠨ ᠡᠳᠡᠭᠡᠷ ᠠᠰᠠᠭᠤᠳᠠᠯ ᠢ ᠴᠢᠨᠠᠭᠰᠢᠳᠠ ᠣᠷᠬᠢᠭᠳᠠᠭᠤᠯᠵᠤ ᠪᠣᠯᠬᠤ ᠦᠭᠡᠢ ᠭᠡᠪᠡ᠃
ᠬᠦᠳᠡᠯᠮᠤᠷᠢ ᠶᠢᠨ ᠦᠨᠳᠦᠰᠦᠨ ᠦ ᠨᠠᠮ ᠤᠨ ᠳᠠᠷᠤᠭ᠎ᠠ ᠲ ∙ ᠳᠤᠷᠵᠢᠬᠠᠨᠳᠠ᠄ ᠮᠠᠨ ᠤ ᠨᠠᠮ ᠤᠨ ᠳᠡᠪᠰᠢᠭᠦᠯᠵᠦ ᠪᠠᠶᠢᠭᠰᠠᠨ ᠬᠤᠪᠢᠯᠪᠤᠷᠢ ᠪᠣᠯ 152 ᠭᠡᠰᠢᠭᠦᠨ ᠲᠠᠢ ᠪᠤᠯᠬᠤ ᠃ ᠤᠴᠢᠷ ᠨᠢ 2040 ᠣᠨ ᠭᠡᠬᠦ ᠳᠦ ᠮᠠᠨ ᠤ ᠤᠯᠤᠰ ᠤᠨ ᠢᠷᠭᠡᠳ 5 ᠰᠠᠶ᠎ᠠ ᠳᠤ ᠬᠦᠷᠦᠨ᠎ᠡ᠃ ᠭᠡᠬᠦ ᠳᠦ ᠪᠡᠨ ᠠᠷᠠᠳᠴᠢᠯᠠᠭᠰᠠᠨ ᠨᠠᠮ ᠤᠨ ᠳᠡᠪᠰᠢᠭᠦᠯᠦᠭᠰᠡᠨ 60᠄ 40 ᠭᠡᠰᠡᠨ ᠰᠠᠨᠠᠯ ᠢ ᠬᠦᠨᠳᠦᠳᠬᠡᠨ ᠬᠦᠯᠢᠶᠡᠵᠦ ᠠᠪᠤᠭᠠᠳ ᠪᠠᠶᠢᠨ᠎ᠠ᠃ ᠬᠠᠷᠢᠨ ᠤᠯᠠᠭᠠᠨᠪᠠᠭᠠᠲᠤᠷ ᠬᠣᠲᠠ ᠶᠢᠨ ᠲᠥᠯᠥᠭᠡᠯᠡᠯ ᠢ ᠨᠡᠮᠡᠬᠦ ᠲᠤᠬᠠᠢ ᠠᠰᠠᠭᠤᠳᠠᠯ ᠢ ᠶᠠᠷᠢᠬᠤ ᠨᠢ ᠵᠥᠪ᠃ ᠣᠳᠣ ᠶᠢᠨ ᠪᠠᠶᠢᠳᠠᠯ ᠢᠶᠠᠷ ᠤᠯᠠᠭᠠᠨᠪᠠᠭᠠᠲᠤᠷ ᠬᠣᠲᠠ ᠠᠴᠠ ᠰᠣᠩᠭᠣᠭᠳᠠᠭᠰᠠᠨ ᠨᠢᠭᠡ ᠭᠡᠰᠢᠭᠦᠨ 100 ᠮᠢᠩᠭᠠᠨ ᠰᠣᠩᠭᠣᠭᠴᠢ ᠶᠢ ᠲᠥᠯᠦᠭᠡᠯᠡᠵᠦ ᠪᠠᠶᠢᠬᠤ ᠳᠤ ᠣᠷᠣᠨ ᠨᠤᠲᠤᠭ ᠠᠴᠠ ᠰᠣᠩᠭᠣᠭᠳᠠᠭᠰᠠᠨ ᠨᠢᠭᠡ ᠭᠡᠰᠢᠭᠦᠨ 30-40 ᠮᠢᠩᠭᠠᠨ ᠬᠦᠮᠦᠨ ᠢ ᠲᠥᠯᠦᠭᠡᠯᠡᠵᠦ ᠪᠠᠶᠢᠨ᠎ᠠ ᠭᠡᠰᠡᠨ ᠶᠤᠮ᠃