︽ ᠵᠠᠩᠭᠠᠷ︾ᠮᠦᠽᠧᠢ ᠶᠢᠨ ᠪᠠᠷᠢᠯᠭ᠎ᠠ ᠶᠢ ᠠᠰᠢᠭᠯᠠᠯᠲᠠ ᠳᠤ ᠬᠦᠯᠢᠶᠡᠨ ᠠᠪᠤᠯ᠎ᠠ | News.MN

︽ ᠵᠠᠩᠭᠠᠷ︾ᠮᠦᠽᠧᠢ ᠶᠢᠨ ᠪᠠᠷᠢᠯᠭ᠎ᠠ ᠶᠢ ᠠᠰᠢᠭᠯᠠᠯᠲᠠ ᠳᠤ ᠬᠦᠯᠢᠶᠡᠨ ᠠᠪᠤᠯ᠎ᠠ

ᠭᠣᠪᠢ-ᠠᠯᠲᠠᠢ ᠠᠶᠢᠮᠠᠭ ᠤᠨ ᠥᠪ ᠰᠤᠶᠤᠯ᠂ ᠵᠠᠩ ᠵᠠᠩᠰᠢᠯ᠂ ᠤᠯᠠᠮᠵᠢᠯᠠᠯ ᠤᠨ ᠲᠥᠪ ︽ ᠵᠠᠩᠭᠠᠷ︾ ᠮᠦᠽᠧᠢ ᠶᠢᠨ ᠪᠠᠷᠢᠯᠭ᠎ᠠ ᠶᠢ ᠠᠰᠢᠭᠯᠠᠯᠲᠠ ᠳᠤ ᠣᠷᠣᠭᠤᠯᠤᠯ᠎ᠠ᠃ ᠲᠠᠪᠤᠳᠤᠭᠠᠷ ᠰᠠᠷ᠎ᠠ ᠶᠢᠨ 18 ᠍ ᠳᠦ ᠭᠣᠪᠢ-ᠠᠯᠲᠠᠢ ᠠᠶᠢᠮᠠᠭ ᠤᠨ ᠮᠦᠽᠧᠢ ᠶᠢᠨ ᠪᠠᠷᠢᠯᠭ᠎ᠠ ᠳᠤ ᠤᠯᠤᠰ ᠤᠨ ᠺᠣᠮᠢᠰ ᠠᠵᠢᠯᠯᠠᠵᠤ᠂ ᠡᠭᠦᠷᠭᠡ ᠳᠠᠭᠠᠭᠠᠯᠭᠠᠪᠤᠷᠢ ᠶᠢᠨ ᠪᠡᠶᠡᠯᠡᠯᠲᠡ ᠪᠡᠷ ᠠᠰᠢᠭᠯᠠᠯᠲᠠ ᠳᠤ ᠣᠷᠣᠭᠤᠯᠬᠤ ᠪᠠᠷ ᠰᠢᠢᠳᠪᠦᠷᠢᠯᠡᠭᠰᠡᠨ ᠲᠤᠬᠠᠢ ᠪᠠᠷᠢᠯᠭ᠎ᠠ ᠬᠥᠭᠵᠢᠯ ᠦᠨ ᠲᠥᠪ ᠡᠴᠡ ᠮᠡᠳᠡᠭᠡᠯᠡᠪᠡ᠃
ᠭᠣᠪᠢ-ᠠᠯᠲᠠᠢ ᠠᠶᠢᠮᠠᠭ ᠤᠨ ᠮᠦᠽᠧᠢ 1947 ᠣᠨ ᠳᠤ ᠣᠷᠣᠨ ᠨᠤᠲᠤᠭ ᠢ ᠰᠤᠳᠤᠯᠬᠤ ᠺᠠᠪᠢᠨᠧᠲ ᠨᠡᠷ᠎ᠡ ᠲᠡᠢ ᠪᠡᠷ ᠪᠠᠶᠢᠭᠤᠯᠤᠭᠳᠠᠵᠤ᠂ 1967 ᠣᠨ ᠠᠴᠠ ᠮᠦᠽᠧᠢ ᠪᠣᠯᠤᠨ ᠥᠷᠭᠡᠵᠢᠵᠡᠢ᠃ ᠮᠦᠽᠧᠢ 2500 ᠣᠷᠴᠢᠮ ᠦᠵᠡᠮᠦᠷᠢ ᠲᠡᠢ᠃ ᠪᠠᠶᠢᠭᠠᠯᠢ ᠭᠠᠵᠠᠷ ᠵᠦᠢ᠂ ᠲᠡᠦᠬᠡ ᠤᠭᠰᠠᠭᠠᠲᠠᠨ᠂ ᠠᠷᠠᠳ ᠤᠨ ᠤᠷᠠᠯᠢᠭ᠂ ᠬᠦᠨᠳᠦᠳᠬᠡᠯ ᠦᠨ ᠭᠡᠰᠡᠨ ᠲᠠᠩᠬᠢᠮ ᠤᠳ ᠲᠤ 1600 ᠰᠢᠬᠠᠮ ᠰᠤᠶᠤᠯ ᠤᠨ ᠦᠨᠡᠲᠦ ᠦᠵᠡᠮᠦᠷᠢ ᠶᠢ ᠳᠡᠯᠭᠡᠨ ᠰᠤᠷᠲᠠᠯᠴᠢᠯᠠᠳᠠᠭ᠃
ᠮᠠᠨ ᠤ ᠡᠷᠡᠨ ᠦ ᠡᠮᠦᠨ᠎ᠡ 4000-5000 ᠣᠷᠴᠢᠮ ᠵᠢᠯ ᠦᠨ ᠦᠶ᠎ᠡ ᠳᠦ ᠬᠣᠯᠪᠣᠭᠳᠠᠬᠤ ᠬᠠᠰ ᠴᠢᠯᠠᠭᠤᠨ ᠰᠦᠬᠡ᠂ ᠭᠠᠯᠳᠠᠨ ᠪᠤᠱᠤᠭᠲᠤ ᠬᠠᠭᠠᠨ ᠤ ᠬᠡᠷᠡᠭᠯᠡᠵᠦ ᠪᠠᠶᠢᠭᠰᠠᠨ 17 ᠳ᠋ᠤᠭᠠᠷ ᠵᠠᠭᠤᠨ ᠤ ᠦᠶ᠎ᠡ ᠶᠢᠨ ᠡᠮᠡᠭᠡᠯ᠂ ᠮᠠᠨ ᠤ ᠡᠷᠡᠨ ᠦ ᠡᠮᠦᠨ᠎ᠡ 7-3 ᠵᠠᠭᠤᠨ ᠤ ᠦᠶ᠎ᠡ ᠶᠢᠨ ᠬᠦᠷᠡᠯ ᠮᠣᠷᠢ᠂  ᠠᠷᠪᠠ ᠶᠢᠰᠦᠳᠦᠭᠡᠷ ᠵᠠᠭᠤᠨ ᠤ ᠦᠶ᠎ᠡ ᠳᠦ ᠬᠡᠷᠡᠭᠯᠡᠵᠦ ᠪᠠᠶᠢᠭᠰᠠᠨ ᠵᠠᠰᠠᠭᠲᠤ ᠬᠠᠨ ᠤ ᠪᠠᠷᠰ ᠪᠠᠷᠢᠭᠤᠯ ᠲᠠᠢ ᠮᠥᠩᠭᠥᠨ ᠲᠠᠮᠠᠭ᠎ᠠ᠂  ᠰᠠᠢᠯᠪᠤᠷᠢᠴᠢᠨ ᠣ᠊ ∙ ᠰᠠᠨᠳᠠᠭ ᠤᠨ ᠤᠷᠠᠯᠠᠭᠰᠠᠨ 《ᠵᠠᠭᠠᠨ ᠤ ᠶᠠᠰᠤᠨ ᠰᠢᠲᠠᠷ᠎ᠠ》 ᠵᠡᠷᠭᠡ ᠬᠣᠪᠣᠷ ᠨᠠᠨᠳᠢᠨ ᠲᠡᠦᠬᠡ᠂ ᠰᠤᠶᠤᠯ ᠤᠨ ᠳᠤᠷᠠᠰᠬᠠᠯ ᠣᠯᠠᠨ ᠪᠤᠢ᠃
ᠲᠤᠰ ᠮᠦᠽᠧᠢ ᠶᠢᠨ ᠬᠠᠮᠲᠤ ᠣᠯᠠᠨ 2019 ᠣᠨ ᠳᠤ 《ᠠᠯᠲᠠᠢ ᠶᠢᠨ ᠬᠥᠭᠵᠢᠯ  ᠬᠤᠷᠢᠨ ᠨᠢᠭᠡᠳᠦᠭᠡᠷ ᠵᠠᠭᠤᠨ》 ᠲᠥᠷᠥ ᠶᠢᠨ ᠪᠤᠰᠤ ᠪᠠᠶᠢᠭᠤᠯᠤᠯᠭ᠎ᠠ ᠶᠢᠨ ᠳᠡᠮᠵᠢᠯᠭᠡ ᠪᠡᠷ ᠤᠯᠤᠰ ᠤᠨ ᠶᠡᠬᠡ ᠬᠤᠷᠠᠯ  ᠤᠨ ᠭᠡᠰᠢᠭᠦᠨ ᠼ ∙ ᠳᠠᠰᠢᠳᠣᠷᠵᠢ ᠠᠭᠰᠠᠨ ᠤ ᠨᠡᠷᠡᠮᠵᠢᠲᠦ ᠲᠠᠩᠬᠢᠮ ᠢ ᠪᠠᠶᠢᠭᠤᠯᠵᠤ᠂ ᠦᠵᠡᠮᠦᠷᠢ ᠶᠢᠨ  ᠲᠤᠭ᠎ᠠ ᠪᠠᠨ ᠨᠡᠮᠡᠭᠳᠡᠭᠦᠯᠵᠡᠢ᠃ ᠼ ∙ ᠳᠠᠰᠢᠳᠣᠷᠵᠢ ᠶᠢᠨ ᠡᠳ᠋ᠯᠡᠵᠦ ᠬᠡᠷᠡᠭᠯᠡᠵᠦ ᠪᠠᠶᠢᠭᠰᠠᠨ ᠡᠳ᠋ ᠥᠯᠥᠭ ᠦᠨ 240 ᠭᠠᠷᠤᠢ ᠦᠵᠡᠮᠦᠷᠢ ᠶᠢ ᠤᠭ ᠲᠠᠩᠬᠢᠮ ᠳᠤ ᠳᠡᠯᠭᠡᠨ ᠣᠯᠠᠨ ᠤ ᠬᠦᠷᠲᠡᠭᠡᠯ ᠪᠣᠯᠭᠠᠭᠰᠠᠨ ᠶᠤᠮ᠃ ᠲᠡᠭᠦᠨᠴᠢᠯᠡᠨ ᠲᠤᠰ ᠠᠶᠢᠮᠠᠭ ᠤᠨ ᠣᠷᠣᠨ ᠨᠤᠲᠤᠭ ᠰᠤᠳᠤᠯᠬᠤ ᠮᠦᠽᠧᠢ ᠳᠦ ᠡᠷᠳᠡᠮᠲᠡᠨ᠂ ᠵᠣᠬᠢᠶᠠᠯᠴᠢ ᠴ ∙ ᠯᠣᠳᠤᠶᠢᠳᠠᠮᠪᠠ ᠠᠭᠰᠠᠨ ᠤ ᠡᠳ᠋ᠯᠡᠵᠦ ᠬᠡᠷᠡᠭᠯᠡᠵᠦ ᠪᠠᠶᠢᠭᠰᠠᠨ ᠡᠳ᠋  ᠦᠯᠦᠭ ᠦᠨ ᠵᠦᠢᠯᠡᠰ ᠡᠴᠡ ᠪᠦᠷᠢᠳᠦᠭᠰᠡᠨ ᠭᠡᠷ ᠮᠦᠽᠧᠢ ᠴᠤ ᠪᠤᠢ᠃

ᠰᠡᠳᠬᠢᠭᠳᠡᠯ ᠦᠯᠡᠳᠡᠭᠡᠬᠦ