ᠬᠣᠶᠠᠷ ᠲᠠᠯ᠎ᠠ ᠶᠢᠨ ᠠᠭᠤᠯᠵᠠᠯᠲᠠ ᠨᠤᠭᠤᠳ ᠬᠢᠪᠡ | News.MN

ᠬᠣᠶᠠᠷ ᠲᠠᠯ᠎ᠠ ᠶᠢᠨ ᠠᠭᠤᠯᠵᠠᠯᠲᠠ ᠨᠤᠭᠤᠳ ᠬᠢᠪᠡ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ ᠨᠣᠮᠣᠬᠠᠨ ᠳᠠᠯᠠᠢ ᠶᠢᠨ ᠡᠳ᠋ ᠦᠨ ᠵᠠᠰᠠᠭ᠂ ᠨᠡᠶᠢᠭᠡᠮ ᠤᠨ ᠺᠣᠮᠢᠰ ᠤᠨ 79  ᠳ᠋ᠦ᠋ᠭᠡᠷ ᠴᠢᠭᠤᠯᠭᠠᠨ ᠤ ᠳᠡᠳ᠋ ᠳᠠᠷᠤᠭ᠎ᠠ ᠪᠠᠷ ᠠᠵᠢᠯᠯᠠᠵᠤ ᠪᠤᠢ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ∙ᠠᠩᠬᠠᠪᠠᠶᠠᠷ ᠡᠨᠡ ᠰᠠᠷ᠎ᠠ ᠶᠢᠨ 16 ᠳᠤ ᠲᠠᠢᠯᠠᠨᠳ᠋ ᠤᠨ ᠭᠠᠳᠠᠭᠠᠳᠤ ᠬᠡᠷᠡᠭ ᠦᠨ ᠳᠡᠳ᠋ ᠰᠠᠶᠢᠳ  ᠢᠰᠠᠷᠠᠪᠠᠬᠠᠺᠳᠢ ᠲᠠᠢ  ᠠᠭᠤᠯᠵᠠᠵᠤ᠂ ᠬᠣᠶᠠᠷ ᠤᠯᠤᠰ ᠤᠨ ᠬᠠᠷᠢᠯᠴᠠᠭ᠎ᠠ ᠪᠣᠯᠤᠨ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠵᠥᠪᠯᠡᠯ ᠦᠨ ᠬᠤᠶᠠᠳᠤᠭᠠᠷ ᠬᠤᠷᠠᠯᠳᠤᠭᠠᠨ ᠤ ᠪᠡᠯᠡᠳᠬᠡᠯ ᠠᠵᠢᠯ᠂ 2024 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢ ᠲᠡᠮᠳᠡᠭᠯᠡᠨ ᠥᠩᠭᠡᠷᠡᠭᠦᠯᠬᠦ ᠲᠠᠯ᠎ᠠ ᠪᠠᠷ ᠰᠠᠨᠠᠯ ᠰᠤᠯᠢᠯᠴᠠᠪᠠ᠃
ᠮᠥᠨ  ᠲᠡᠷᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠠᠽᠢᠶ᠎ᠠ᠂ ᠨᠣᠮᠣᠬᠠᠨ ᠳᠠᠯᠠᠢ ᠶᠢᠨ ᠡᠳ᠋  ᠦᠨ ᠵᠠᠰᠠᠭ᠂ ᠨᠡᠶᠢᠭᠡᠮ ᠤᠨ ᠺᠣᠮᠢᠰ ᠤᠨ ᠭᠦᠢᠴᠡᠳᠭᠡᠬᠦ ᠨᠠᠷᠢᠨ ᠪᠢᠴᠢᠭ ᠦᠨ ᠳᠠᠷᠤᠭ᠎ᠠ ᠠᠷᠮᠢᠳᠠ ᠠᠯᠢᠰᠵᠠᠪᠠᠨ᠎ᠠ ᠲᠠᠢ ᠠᠭᠤᠯᠵᠠᠵᠤ᠂ ᠲᠤᠰ ᠺᠣᠮᠢᠰ ᠲᠠᠢ ᠪᠠᠶᠢᠭᠠᠯᠢ ᠣᠷᠴᠢᠨ᠂ ᠰᠲ᠋ᠠᠲ᠋ᠢᠰᠲ᠋ᠢᠺ᠂ ᠭᠠᠮᠰᠢᠭ ᠤᠨ ᠡᠷᠡᠰᠳᠡᠯ ᠢ ᠪᠠᠭᠤᠷᠠᠭᠤᠯᠬᠤ᠂ ᠲᠷᠠᠨᠽᠢᠲ ᠲᠡᠭᠡᠭᠡᠪᠦᠷᠢ᠂ ᠬᠤᠳᠠᠯᠳᠤᠭ᠎ᠠ ᠶᠢ ᠬᠥᠩᠭᠡᠪᠴᠢᠯᠡᠬᠦ᠂ ᠳᠠᠯᠠᠢ ᠳᠤ  ᠭᠠᠷᠴᠠ ᠦᠭᠡᠢ ᠬᠥᠭᠵᠢᠵᠦ ᠪᠤᠢ ᠤᠯᠤᠰ ᠤᠨ ᠡᠷᠬᠡ ᠠᠰᠢᠭ ᠢ ᠬᠠᠮᠠᠭᠠᠯᠠᠬᠤ ᠵᠡᠷᠭᠡ ᠴᠢᠭᠯᠡᠯ ᠢᠶᠡᠷ ᠢᠳᠡᠪᠬᠢᠲᠡᠢ ᠬᠠᠮᠲᠤᠷᠠᠨ ᠠᠵᠢᠯᠯᠠᠵᠤ ᠪᠤᠢ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠯ᠎ᠡ᠃

 

ᠰᠡᠳᠬᠢᠭᠳᠡᠯ ᠦᠯᠡᠳᠡᠭᠡᠬᠦ