ᠤᠯᠤᠰ ᠤᠨ ᠶᠡᠬᠡ ᠬᠤᠷᠠᠯ ᠤᠨ ᠴᠢᠭᠤᠯᠭᠠᠨ ᠤ ᠡᠨᠡ ᠰᠠᠷ᠎ᠠ ᠶᠢᠨ 18 ᠤ ᠡᠳᠦᠷ ᠦᠨ ᠬᠤᠷᠠᠯᠳᠤᠭᠠᠨ ᠳᠡᠭᠡᠷ᠎ᠡ᠂ ᠲᠥᠰᠥᠪ ᠦᠨ ᠣᠷᠣᠯᠭ᠎ᠠ ᠡᠮᠦᠨᠡᠬᠢ ᠡᠴᠡ ᠪᠠᠨ ᠨᠡᠮᠡᠭᠳᠡᠭᠰᠡᠨ ᠴᠤ ᠵᠠᠷᠤᠳᠠᠯ ᠲᠡᠷᠡ ᠬᠢᠷᠢ ᠪᠡᠷ ᠥᠰᠦᠭᠰᠡᠨ ᠢ ᠭᠡᠰᠢᠭᠦᠳ ᠰᠢᠭᠦᠮᠵᠢᠯᠡᠵᠦ᠂ ᠬᠤᠷᠠᠮᠳᠤᠯᠠᠯ ᠡᠭᠦᠰᠭᠡᠬᠦ ᠱᠠᠭᠠᠷᠳᠠᠯᠭ᠎ᠠ ᠲᠠᠢ ᠶᠢ ᠰᠠᠨᠠᠭᠤᠯᠤᠭᠰᠠᠨ ᠪᠠᠶᠢᠨ᠎ᠠ᠃ ᠨᠡᠭᠦᠷᠡᠰᠦ ᠶᠢ ᠪᠢᠷᠵᠢ ᠪᠡᠷ ᠬᠤᠳᠠᠯᠳᠤᠭᠠᠯᠠᠭᠰᠠᠨ ᠡᠬᠢᠨ ᠦ ᠬᠡᠳᠦᠨ ᠰᠠᠷ᠎ᠠ ᠶᠢᠨ ᠦᠷ᠎ᠡ ᠳ᠋ᠦᠩ ᠢ ᠡᠨᠡ ᠬᠡᠪ ᠢᠶᠡᠷ ᠨᠢ ᠦᠷᠭᠦᠯᠵᠢᠯᠡᠭᠦᠯᠬᠦ ᠪᠣᠯᠤᠮᠵᠢ ᠲᠠᠢ ᠡᠰᠡᠬᠦ ᠶᠢ ᠲᠣᠳᠣᠷᠠᠭᠤᠯᠤᠭᠰᠠᠨ ᠭᠡᠰᠢᠭᠦᠳ ᠦᠨ ᠠᠰᠠᠭᠤᠯᠲᠠ ᠳᠤ ᠡᠳ᠋ ᠦᠨ ᠵᠠᠰᠠᠭ᠂ ᠬᠥᠭᠵᠢᠯ ᠦᠨ ᠰᠠᠶᠢᠳ ᠴ∙ᠬᠦᠷᠡᠯᠪᠠᠭᠠᠲᠤᠷ ᠬᠠᠷᠢᠭᠤᠯᠬᠤ ᠳᠤ ᠪᠠᠨ᠄ ᠪᠢᠷᠵᠢ ᠶᠢᠨ 40 ᠤᠳᠠᠭ᠎ᠠ ᠶᠢᠨ ᠠᠷᠠᠯᠵᠢᠶ᠎ᠠ ᠪᠠᠷ 1.2 ᠰᠠᠶ᠎ᠠ ᠲᠣᠨ ᠨᠡᠭᠦᠷᠡᠰᠦ ᠬᠤᠳᠠᠯᠳᠤᠭᠠᠯᠠᠭᠰᠠᠨ᠃ ᠪᠢᠷᠵᠢ ᠪᠡᠷ ᠨᠡᠭᠦᠷᠡᠰᠦ ᠥᠨᠳᠥᠷ ᠦᠨ᠎ᠡ ᠪᠡᠷ ᠪᠣᠷᠣᠯᠠᠭᠤᠯᠤᠭᠳᠠᠵᠤ ᠪᠠᠶᠢᠨ᠎ᠠ᠃
ᠡᠨᠡ ᠣᠨ ᠤ ᠳᠣᠯᠣᠳᠤᠭᠠᠷ ᠰᠠᠷ᠎ᠠ ᠶᠢᠨ ᠨᠢᠭᠡᠨ ᠦ ᠡᠳᠦᠷ ᠡᠴᠡ ᠵᠡᠰ᠂ ᠵᠣᠩᠰᠢ᠂ ᠴᠠᠶᠢᠷ᠂ ᠲᠡᠮᠦᠷ᠂ ᠬᠦᠳᠡᠷ ᠭᠡᠳ ᠠᠭᠤᠯᠠ ᠠᠭᠤᠷᠬᠠᠢ ᠶᠢᠨ ᠪᠦᠬᠦ ᠲᠥᠷᠥᠯ ᠦᠨ ᠪᠦᠲᠦᠭᠡᠭᠳᠡᠬᠦᠨ ᠢ ᠪᠣᠷᠣᠯᠠᠭᠤᠯᠵᠤ ᠡᠬᠢᠯᠡᠨ᠎ᠡ᠃ ᠠᠭᠤᠯᠠ ᠠᠭᠤᠷᠬᠠᠢ ᠳᠠᠭᠠᠭᠰᠠᠨ ᠠᠪᠯᠢᠭ᠎ᠠ᠂ ᠬᠤᠯᠠᠭᠠᠢ ᠶᠢ ᠴᠡᠭᠴᠡᠯᠡᠬᠦ ᠶᠤᠮ᠃ ᠲᠣᠳᠣᠷᠬᠠᠢ ᠲᠥᠷᠥᠯ ᠦᠨ ᠪᠡᠷᠬᠡᠰᠢᠶᠡᠯ ᠦᠳ ᠡᠭᠦᠰᠴᠦ ᠪᠠᠶᠢᠭ᠎ᠠ ᠴᠤ ᠦᠭᠡᠷᠡᠴᠢᠯᠡᠬᠦ᠂ ᠰᠠᠶᠢᠵᠢᠷᠠᠭᠤᠯᠬᠤ ᠠᠵᠢᠯ ᠤᠳ ᠢ ᠲᠣᠭᠲᠠᠮᠠᠯ ᠬᠢᠵᠦ ᠪᠠᠶᠢᠭ᠎ᠠ ᠭᠡᠪᠡ᠃
ᠭᠠᠳᠠᠭᠠᠳᠤ ᠥᠷᠢ ᠶᠢᠨ ᠨᠥᠬᠥᠴᠡᠯ ᠪᠠᠶᠢᠳᠠᠯ ᠤᠨ ᠲᠠᠯ᠎ᠠ ᠪᠠᠷ ᠲᠣᠳᠣᠷᠠᠭᠤᠯᠤᠭᠰᠠᠨ ᠭᠡᠰᠢᠭᠦᠳ ᠦᠨ ᠠᠰᠠᠭᠤᠯᠲᠠ ᠳᠤ ᠰᠠᠩ ᠤᠨ ᠰᠠᠶᠢᠳ ᠪ ∙ ᠵᠢᠪᠬᠤᠯᠠᠩ᠄ ᠥᠩᠭᠡᠷᠡᠭᠰᠡᠨ 3 ᠵᠢᠯ ᠳᠦ ᠡᠳ᠋ ᠦᠨ ᠵᠠᠰᠠᠭ ᠮᠠᠰᠢ ᠬᠦᠨᠳᠦ ᠪᠠᠶᠢᠭᠰᠠᠨ ᠪᠥᠭᠡᠳ ᠮᠠᠨᠠᠶᠢᠬᠢ ᠲᠠᠢ ᠢᠵᠢᠯ B+ ᠵᠢᠭᠡᠯᠡᠵᠢᠬᠦ ᠵᠡᠷᠭᠡᠯᠡᠯ ᠲᠡᠢ ᠣᠯᠠᠨ ᠤᠯᠤᠰ ᠣᠷᠣᠨ ᠤ ᠵᠡᠷᠭᠡᠯᠡᠯ ᠪᠠᠭᠤᠷᠠᠭᠰᠠᠨ᠃ ᠮᠠᠨ ᠤ ᠤᠯᠤᠰ ᠤᠨ ᠬᠤᠪᠢ ᠳᠤ 3-4 ᠵᠢᠯ ᠲᠣᠭᠲᠠᠪᠤᠷᠢᠲᠠᠢ ᠪᠠᠶᠢᠭᠰᠠᠨ ᠨᠢ ᠠᠮᠵᠢᠯᠲᠠ ᠶᠤᠮ᠃ ᠡᠺᠰᠫᠣᠷᠲ ᠢ ᠨᠡᠮᠡᠭᠳᠡᠭᠦᠯᠵᠦ᠂ ᠲᠥᠯᠥᠪᠦᠷᠢ ᠶᠢᠨ ᠲᠡᠩᠴᠡᠯ ᠢᠶᠡᠨ ᠡᠨᠡ ᠣᠨ ᠤ ᠨᠢᠭᠡᠳᠦᠭᠡᠷ ᠤᠯᠠᠷᠢᠯ ᠳᠤ ᠨᠡᠮᠡᠬᠦ ᠳ᠋ᠦᠩ ᠲᠡᠢ ᠪᠣᠯᠭᠠᠭᠰᠠᠨ᠃ ᠮᠣᠩᠭᠣᠯ ᠤᠯᠤᠰ ᠤᠨ ᠸᠠᠯᠢᠶᠤᠲ ᠤᠨ ᠠᠯᠪᠠᠨ ᠨᠥᠭᠡᠴᠡ 3.4 ᠲᠡᠷᠪᠤᠮ ᠳ᠋ᠣᠯᠯᠠᠷ ᠲᠤ ᠬᠦᠷᠦᠭᠰᠡᠨ ᠤ ᠦᠷ᠎ᠡ ᠳ᠋ᠦᠩ ᠳᠦ ᠵᠢᠭᠡᠯᠡᠵᠢᠬᠦ ᠵᠡᠷᠭᠡᠯᠡᠯ ᠬᠡᠪ ᠢᠶᠡᠷ ᠦᠯᠡᠳᠡᠭᠰᠡᠨ ᠭᠡᠯᠡ᠃