ᠮᠣᠩᠭᠣᠯ᠂ ᠲᠦᠷᠺ  ᠦᠨ ᠡᠷᠡᠭᠦᠯ ᠮᠡᠨᠳᠦ ᠶᠢᠨ ᠰᠠᠯᠪᠤᠷᠢ ᠶᠢᠨ ᠦᠢᠯᠡ ᠠᠵᠢᠯᠯᠠᠭ᠎ᠠ ᠶᠢ ᠡᠷᠴᠢᠮᠵᠢᠭᠦᠯᠦᠨ᠎ᠡ | News.MN

ᠮᠣᠩᠭᠣᠯ᠂ ᠲᠦᠷᠺ  ᠦᠨ ᠡᠷᠡᠭᠦᠯ ᠮᠡᠨᠳᠦ ᠶᠢᠨ ᠰᠠᠯᠪᠤᠷᠢ ᠶᠢᠨ ᠦᠢᠯᠡ ᠠᠵᠢᠯᠯᠠᠭ᠎ᠠ ᠶᠢ ᠡᠷᠴᠢᠮᠵᠢᠭᠦᠯᠦᠨ᠎ᠡ

ᠡᠷᠡᠭᠦᠯ ᠮᠡᠨᠳᠦ ᠶᠢᠨ ᠰᠠᠶᠢᠳ ᠰ ∙ ᠴᠢᠩᠵᠣᠷᠢᠭ ᠪᠦᠭᠦᠳᠡ ᠨᠠᠢᠷᠠᠮᠳᠠᠬᠤ ᠲᠦᠷᠺ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠨᠣᠶᠠᠨ ᠵᠠᠹᠧᠷ ᠠᠲ᠋ᠧᠱ ᠢ ᠬᠦᠯᠢᠶᠡᠨ ᠠᠪᠴᠤ ᠠᠭᠤᠯᠵᠠᠵᠤ᠂ ᠬᠣᠶᠠᠷ ᠣᠷᠣᠨ ᠤ ᠨᠠᠶᠢᠷᠠᠮᠳᠠᠯᠲᠤ ᠬᠠᠷᠢᠯᠴᠠᠭ᠎ᠠ᠂ ᠡᠷᠡᠭᠦᠯ ᠮᠡᠨᠳᠦ ᠶᠢᠨ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃
ᠠᠭᠤᠯᠵᠠᠯᠲᠠ ᠶᠢᠨ ᠡᠬᠢᠨ ᠳᠦ᠂ ᠰ ∙ ᠴᠢᠩᠵᠣᠷᠢᠭ  ᠲᠦᠷᠺ ᠤᠨ ᠵᠠᠰᠠᠭ ᠤᠨ ᠭᠠᠵᠠᠷ ᠠᠴᠠ ᠲᠦᠷᠺ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠠᠭᠧᠨᠲᠯᠢᠭ Turkey International Cooperative Agency  ᠢᠶᠠᠷ ᠳᠠᠮᠵᠢᠭᠤᠯᠤᠨ ᠮᠣᠩᠭᠣᠯ ᠤᠯᠤᠰ ᠤᠨ ᠡᠷᠡᠭᠦᠯ ᠮᠡᠨᠳᠦ ᠶᠢᠨ ᠰᠠᠯᠪᠤᠷᠢ ᠳᠤ ᠬᠥᠭᠵᠢᠯ ᠪᠣᠯᠤᠨ ᠲᠧᠭᠨᠢᠭ ᠦᠨ ᠬᠠᠮᠲᠤ ᠶᠢᠨ ᠠᠵᠢᠯᠯᠠᠭᠠᠨ ᠤ ᠳᠡᠮᠵᠢᠯᠭᠡ ᠲᠤᠰᠠᠯᠠᠯᠴᠠᠭ᠎ᠠ ᠦᠵᠡᠭᠦᠯᠵᠦ ᠢᠷᠡᠭᠰᠡᠨ ᠳᠦ ᠴᠢᠩ ᠰᠡᠳᠬᠢᠯ ᠦᠨ ᠲᠠᠯᠠᠷᠬᠠᠯ ᠢᠯᠡᠷᠬᠡᠶᠢᠯᠡᠭᠡᠳ᠂ ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠷᠠᠮᠳᠠᠬᠤ ᠲᠦᠷᠺ ᠤᠯᠤᠰ  ᠤᠨ ᠵᠠᠰᠠᠭ ᠤᠨ ᠭᠠᠵᠠᠷ ᠬᠣᠭᠣᠷᠣᠨᠳᠣ 2004 ᠣᠨ ᠳᠤ ᠪᠠᠶᠢᠭᠤᠯᠤᠭᠰᠠᠨ ᠡᠷᠡᠭᠦᠯ ᠮᠡᠨᠳᠦ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠬᠡᠯᠡᠯᠴᠡᠭᠡᠷ ᠢ ᠰᠢᠨᠡᠳᠭᠡᠬᠦ ᠠᠵᠢᠯ ᠤᠨ ᠶᠠᠪᠤᠴᠠ ᠶᠢᠨ ᠲᠠᠯ᠎ᠠ ᠪᠠᠷ ᠮᠡᠳᠡᠭᠡᠯᠡᠯ ᠥᠭᠪᠡ᠃
ᠮᠥᠨ ᠲᠡᠷᠡᠪᠡᠷ ᠮᠣᠩᠭᠣᠯ ᠤᠯᠤᠰ ᠲᠤ ᠡᠮᠴᠢᠯᠡᠭᠦᠯᠬᠦ ᠪᠣᠯᠤᠮᠵᠢ ᠦᠭᠡᠢ ᠡᠪᠡᠳᠴᠢᠨ ᠡᠮᠭᠡᠭ ᠢ ᠡᠬᠡ ᠣᠷᠣᠨ ᠳᠤ ᠪᠠᠨ ᠡᠮᠴᠢᠯᠡᠬᠦ ᠪᠣᠯᠤᠮᠵᠢ ᠨᠥᠬᠥᠴᠡᠯ ᠢ ᠪᠦᠷᠢᠳᠦᠭᠦᠯᠬᠦ᠂ ᠳᠣᠲᠣᠭᠠᠳᠤ ᠳᠤ ᠪᠠᠨ ᠬᠢᠵᠦ ᠪᠤᠢ ᠡᠷᠬᠡᠲᠡᠨ ᠰᠢᠯᠵᠢᠭᠦᠯᠦᠨ ᠰᠠᠭᠤᠯᠭᠠᠬᠤ ᠡᠮᠴᠢᠯᠡᠭᠡ ᠶᠢ ᠬᠥᠭᠵᠢᠭᠦᠯᠬᠦ᠂ ᠥᠷᠭᠡᠵᠢᠭᠦᠯᠬᠦ ᠳᠦ ᠬᠠᠮᠲᠤᠷᠠᠨ ᠠᠵᠢᠯᠯᠠᠬᠤ᠂ ᠬᠥᠷᠥᠩᠭᠡ ᠣᠷᠣᠭᠤᠯᠤᠯᠲᠠ ᠶᠢᠨ ᠲᠥᠰᠥᠯ ᠬᠡᠷᠡᠭᠵᠢᠭᠦᠯᠬᠦ᠂ ᠲᠦᠷᠺ ᠡᠴᠡ ᠨᠠᠷᠢᠨ ᠮᠡᠷᠭᠡᠵᠢᠯ ᠦᠨ ᠡᠮᠴᠢ ᠨᠠᠷ ᠤᠨ ᠮᠡᠷᠭᠡᠰᠢᠭᠰᠡᠨ ᠪᠠᠭ ᠢᠷᠡᠭᠦᠯᠵᠦ ᠠᠵᠢᠯ ᠤᠨ ᠪᠠᠶᠢᠷᠢᠨ ᠤ ᠰᠤᠷᠭᠠᠯᠲᠠ ᠶᠠᠪᠤᠭᠤᠯᠬᠤ᠂ ᠬᠠᠮᠲᠤᠷᠠᠭᠰᠠᠨ ᠰᠤᠳᠤᠯᠭᠠᠨ ᠤ ᠠᠵᠢᠯ ᠬᠢᠬᠦ ᠵᠡᠷᠭᠡ ᠬᠡᠳᠦ ᠬᠡᠳᠦᠨ ᠴᠢᠭᠯᠡᠯ ᠢᠶᠡᠷ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠠᠶᠢᠭ᠎ᠠ ᠪᠠᠨ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ