ᠣᠷᠣᠰ ᠤᠨ ᠬᠣᠯᠪᠣᠭᠠᠨ ᠤ ᠤᠯᠤᠰ ᠤᠨ ᠠᠯᠲᠠᠢ ᠶᠢᠨ ᠪᠦᠭᠦᠳᠡ ᠨᠠᠶᠢᠷᠠᠮᠳᠠᠬᠤ ᠤᠯᠤᠰ ᠤᠨ ᠶᠡᠬᠡ ᠬᠤᠷᠠᠯ ᠤᠨ ᠲᠥᠯᠥᠭᠡᠯᠡᠭᠴᠢᠳ ᠪᠣᠯᠤᠨ ᠪᠦᠭᠦᠳᠡ ᠨᠠᠶᠢᠷᠠᠮᠳᠠᠬᠤ ᠲᠤᠸᠠ ᠤᠯᠤᠰ ᠤᠨ ᠳᠡᠭᠡᠳᠦ ᠬᠤᠷᠠᠯ ᠤᠨ ᠲᠥᠯᠥᠭᠡᠯᠡᠭᠴᠢᠳ ᠡᠨᠡ ᠰᠠᠷ᠎ᠠ ᠶᠢᠨ 19-21 ᠦ ᠡᠳᠦᠷ ᠬᠣᠪᠳᠣ ᠠᠶᠢᠮᠠᠭ ᠲᠤ ᠠᠵᠢᠯᠯᠠᠵᠠᠢ᠃ ᠠᠵᠢᠯ ᠤᠨ ᠪᠠᠭ ᠤᠨ ᠪᠦᠷᠢᠯᠳᠦᠬᠦᠨ ᠳᠦ ᠪᠦᠭᠦᠳᠡ ᠨᠠᠶᠢᠷᠠᠮᠳᠠᠬᠤ ᠲᠤᠸᠠ ᠤᠯᠤᠰ ᠤᠨ ᠳᠡᠭᠡᠳᠦ ᠬᠤᠷᠠᠯ ᠤᠨ ᠳᠠᠷᠤᠭ᠎ᠠ ᠺ ∙ ᠲ ∙ ᠳᠠᠸᠠ ᠪᠣᠯᠤᠨ ᠠᠯᠲᠠᠢ ᠶᠢᠨ ᠪᠦᠭᠦᠳᠡ ᠨᠠᠶᠢᠷᠠᠮᠳᠠᠬᠤ ᠤᠯᠤᠰ ᠤᠨ ᠬᠤᠷᠠᠯ-ᠡᠯ᠎ᠡ ᠬᠤᠷᠠᠯᠲᠠᠢ ᠬᠤᠷᠠᠯ ᠤᠨ ᠳᠠᠷᠤᠭ᠎ᠠ ᠠᠷᠲ᠋ᠤᠷ ᠫᠠᠸᠯᠣᠸᠢᠴ ᠺᠣᠬᠣᠶᠧ ᠨᠠᠷ ᠢᠶᠠᠷ ᠠᠬᠠᠯᠠᠭᠤᠯᠤᠭᠰᠠᠨ ᠬᠦᠮᠦᠰ ᠪᠠᠭᠲᠠᠵᠠᠢ᠃
ᠡᠳᠡᠭᠡᠷ ᠲᠥᠯᠥᠭᠡᠯᠡᠭᠴᠢ ᠶᠢ ᠥᠨᠥᠳᠥᠷ ᠬᠣᠪᠳᠣ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠳᠠᠷᠤᠭ᠎ᠠ ᠭ ∙ ᠫᠦᠷᠪᠦᠭᠠᠨᠳᠢ ᠲᠡᠷᠢᠭᠦᠲᠡᠢ ᠠᠯᠪᠠᠨ ᠤ ᠬᠦᠮᠦᠰ ᠬᠦᠯᠢᠶᠡᠨ ᠠᠪᠴᠤ ᠠᠭᠤᠯᠵᠠᠨ᠂ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠪᠠᠶᠢᠭᠤᠯᠤᠯ᠎ᠠ᠃ ᠢᠩᠭᠢᠭᠰᠡᠨ ᠢᠶᠠᠷ ᠲᠠᠯ᠎ᠠ ᠨᠤᠭᠤᠳ ᠡᠳ᠋ ᠦᠨ ᠵᠠᠰᠠᠭ᠂ ᠨᠡᠶᠢᠭᠡᠮ᠂ ᠬᠥᠳᠡᠭᠡ ᠠᠵᠤ ᠠᠬᠤᠢ᠂ ᠭᠠᠵᠠᠷ ᠲᠠᠷᠢᠶᠠᠯᠠᠩ᠂ ᠬᠦᠷᠢᠶᠡᠯᠡᠩ ᠪᠤᠢ ᠣᠷᠴᠢᠨ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠤᠶᠤᠯ᠂ ᠤᠷᠠᠯᠢᠭ ᠪᠣᠯᠤᠨ ᠰᠫᠣᠷᠲ ᠤᠨ ᠰᠠᠯᠪᠤᠷᠢ ᠳᠤ ᠥᠪᠡᠷ ᠦᠨ ᠡᠷᠬᠡ ᠬᠡᠮᠵᠢᠶᠡᠨ ᠦ ᠬᠦᠷᠢᠶᠡᠨ ᠳᠦ ᠣᠯᠠᠨ ᠲᠠᠯ᠎ᠠ ᠪᠠᠷ ᠬᠠᠮᠲᠤᠷᠠᠨ ᠠᠵᠢᠯᠯᠠᠬᠤ ᠪᠣᠯᠤᠮᠵᠢ ᠪᠥᠷᠢᠳᠴᠦ ᠪᠠᠶᠢᠨ᠎ᠠ᠃
ᠡᠭᠦᠨ ᠡᠴᠡ ᠭᠠᠳᠠᠨ᠎ᠠ《ᠠᠯᠲᠠᠢ ᠪᠢᠳᠡᠨ ᠦ ᠨᠡᠶᠢᠲᠡ ᠶᠢᠨ ᠭᠡᠷ᠎ᠡ》 ᠦᠢᠯᠡ ᠠᠵᠢᠯᠯᠠᠭ᠎ᠠ ᠶᠢ ᠰᠡᠷᠭᠦᠭᠡᠬᠦ᠂ ᠠᠯᠲᠠᠢ ᠶᠢᠨ ᠠᠭᠤᠯᠠᠰ ᠢ ᠲᠣᠭᠣᠷᠢᠭᠰᠠᠨ ᠡᠨᠡ ᠪᠥᠰᠡ ᠨᠤᠲᠤᠭ ᠢᠶᠠᠨ ᠬᠠᠮᠲᠤ ᠳᠤ ᠪᠠᠨ ᠬᠥᠭᠵᠢᠭᠦᠯᠬᠦ ᠲᠠᠯ᠎ᠠ ᠳᠡᠭᠡᠷ᠎ᠡ ᠰᠠᠨᠠᠯ ᠪᠣᠳᠣᠯ ᠢᠶᠠᠨ ᠨᠢᠭᠡᠳᠬᠡᠯ᠎ᠡ᠃ ᠮᠦᠨ ᠵᠤᠴᠢᠳ ᠠᠯᠲᠠᠢ ᠪᠣᠯᠤᠨ ᠲᠤᠸᠠ ᠶᠢᠨ ᠲᠥᠯᠥᠭᠡᠯᠡᠭᠴᠢᠳ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠬᠣᠪᠳᠣ ᠠᠶᠢᠮᠠᠭ ᠳᠠᠬᠢ ᠰᠠᠯᠪᠤᠷᠢ ᠰᠤᠷᠭᠠᠭᠤᠯᠢ ᠶᠢᠨ ᠭᠠᠳᠠᠭᠠᠳᠤ ᠬᠡᠯᠡ᠂ ᠰᠤᠶᠤᠯ ᠰᠤᠳᠤᠯᠤᠯ ᠤᠨ ᠲᠢᠩᠬᠢᠮ ᠢᠶᠡᠷ ᠵᠣᠴᠢᠯᠠᠵᠤ᠂ ᠣᠷᠣᠰ ᠬᠡᠯᠡᠨ ᠦ ᠰᠤᠷᠭᠠᠯᠲᠠ ᠶᠢᠨ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠪᠠᠭᠰᠢ᠂ ᠣᠶᠤᠲᠠᠨ ᠨᠤᠭᠤᠳ ᠤᠨ ᠲᠥᠯᠥᠭᠡᠯᠡᠯ ᠲᠡᠢ ᠠᠭᠤᠯᠵᠠᠵᠤ᠂ ᠣᠷᠣᠰ ᠬᠡᠯᠡ᠂ ᠣᠷᠣᠰ ᠤᠨ ᠲᠡᠦᠬᠡ᠂ ᠰᠤᠶᠤᠯ ᠤᠨ