《ᠨᠠᠶᠢᠵᠠ ᠪᠠᠶᠢᠶ᠎ᠠ》ᠠᠶᠠᠨ ᠳᠤ ᠨᠢᠭᠡᠲᠦᠯ᠎ᠡ | News.MN

《ᠨᠠᠶᠢᠵᠠ ᠪᠠᠶᠢᠶ᠎ᠠ》ᠠᠶᠠᠨ ᠳᠤ ᠨᠢᠭᠡᠲᠦᠯ᠎ᠡ

《ᠨᠠᠶᠢᠵᠠ ᠪᠠᠶᠢᠶ᠎ᠠ》 ᠦᠨᠳᠦᠰᠦᠨ ᠦ ᠠᠶᠠᠨ ᠤ ᠨᠡᠭᠡᠭᠡᠯᠲᠡ ᠥᠨᠥᠳᠥᠷ ᠲᠥᠪ ᠠᠶᠢᠮᠠᠭ ᠲᠤ ᠪᠣᠯᠤᠯ᠎ᠠ᠃ ᠠᠶᠠᠨ ᠢ ᠳᠥᠷᠪᠡᠳᠦᠭᠡᠷ ᠰᠠᠷ᠎ᠠ ᠶᠢᠨ 27  ᠡᠴᠡ ᠵᠢᠷᠭᠤᠳᠤᠭᠠᠷ ᠰᠠᠷ᠎ᠠ ᠶᠢᠨ 8  ᠬᠦᠷᠲᠡᠯ᠎ᠡ ᠦᠨᠳᠦᠰᠦᠨ ᠦ ᠬᠡᠮᠵᠢᠶᠡᠨ ᠳᠦ ᠬᠡᠦᠬᠡᠳ ᠦᠨ ᠣᠷᠣᠯᠴᠠᠭ᠎ᠠ ᠲᠠᠢ ᠥᠷᠨᠢᠭᠦᠯᠵᠦ ᠪᠠᠶᠢᠭ᠎ᠠ ᠪᠥᠭᠡᠳ ᠵᠠᠭᠤᠨᠮᠤᠳᠤ ᠰᠤᠮᠤ ᠶᠢᠨ ᠭᠡᠷ ᠪᠦᠯᠢ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠪᠣᠯᠤᠨ ᠲᠥᠪ ᠠᠶᠢᠮᠠᠭ ᠳᠠᠬᠢ ᠫᠣᠯᠢᠲ᠋ᠧᠭᠨᠢᠭ ᠺᠣᠯᠯᠧᠵᠢ ᠶᠢᠨ 200 ᠭᠠᠷᠤᠢ ᠰᠤᠷᠤᠯᠴᠠᠭᠴᠢ ᠣᠷᠣᠯᠴᠠᠯ᠎ᠠ᠃
ᠲᠤᠰ ᠦᠢᠯᠡ ᠠᠵᠢᠯᠯᠠᠭᠠᠨ ᠤ ᠲᠠᠯ᠎ᠠ ᠪᠠᠷ ᠲᠥᠪ ᠠᠶᠢᠮᠠᠭ ᠤᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ ᠤᠨ ᠮᠡᠷᠭᠡᠵᠢᠯᠲᠡᠨ ᠨ ∙ ᠤᠳᠬᠤᠨ᠄ ᠦᠶ᠎ᠡ ᠲᠡᠩ ᠦᠨ ᠳᠡᠭᠡᠷᠡᠯᠬᠡᠯᠲᠡ ᠳᠠᠯᠳᠠ ᠪᠠᠶᠢᠳᠠᠯ ᠢᠶᠠᠷ ᠶᠡᠬᠡ ᠶᠠᠪᠤᠭᠳᠠᠳᠠᠭ᠃ ᠡᠶᠢᠮᠦ ᠳᠦ ᠬᠡᠦᠬᠡᠳ ᠦᠨ ᠡᠷᠬᠡ᠂ ᠬᠡᠦᠬᠡᠳ ᠬᠠᠮᠠᠭᠠᠯᠠᠯ ᠳᠤ ᠢᠷᠭᠡᠨ ᠪᠦᠷ ᠴᠢᠬᠤᠯᠠ ᠣᠷᠣᠯᠴᠠᠭ᠎ᠠ ᠲᠠᠢ ᠭᠡᠳᠡᠭ ᠢ ᠬᠡᠦᠬᠡᠳ᠂ ᠡᠴᠢᠭᠡ ᠡᠬᠡᠴᠦᠳ ᠂ ᠪᠠᠭᠰᠢ ᠰᠤᠷᠭᠠᠨ ᠬᠦᠮᠦᠵᠢᠭᠦᠯᠦᠭᠴᠢᠳ᠂ ᠨᠠᠰᠤᠨ ᠳᠤ ᠬᠦᠷᠦᠭᠰᠡᠨ ᠬᠦᠮᠦᠨ ᠪᠦᠷ ᠣᠶᠢᠯᠠᠭᠠᠵᠤ᠂ ᠲᠡᠳᠡᠨ ᠦ ᠬᠠᠨᠳᠤᠯᠭ᠎ᠠ ᠶᠢ ᠥᠭᠡᠷᠡᠴᠢᠯᠡᠬᠦ᠂ ᠲᠡᠳᠡᠨ ᠳᠦ ᠬᠦᠮᠦᠨ ᠦ ᠡᠷᠬᠡ ᠶᠢᠨ ᠮᠡᠳᠡᠷᠡᠮᠵᠢ ᠲᠡᠢ᠂ ᠬᠡᠦᠬᠡᠳ ᠬᠠᠮᠠᠭᠠᠯᠠᠯ ᠤᠨ ᠪᠣᠳᠣᠯᠭ᠎ᠠ ᠬᠥᠲᠥᠯᠪᠦᠷᠢ ᠶᠢ ᠲᠠᠨᠢᠯᠴᠠᠭᠤᠯᠬᠤ᠂ ᠬᠡᠦᠬᠡᠳ ᠬᠡᠦᠬᠡᠳ ᠢᠶᠡᠨ ᠳᠡᠭᠡᠷᠡᠯᠬᠡᠵᠦ ᠳᠠᠷᠤᠮᠲᠠᠯᠠᠬᠤ ᠠᠰᠠᠭᠤᠳᠠᠯ ᠢ ᠲᠠᠰᠤᠯᠤᠨ ᠵᠣᠭᠰᠣᠭᠠᠬᠤ  ᠵᠣᠷᠢᠯᠭ᠎ᠠ ᠪᠠᠷ ᠵᠣᠬᠢᠶᠠᠨ ᠪᠠᠶᠢᠭᠤᠯᠵᠤ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ