ᠡᠬᠡ ᠬᠡᠯᠡ᠂ ᠤᠯᠠᠮᠵᠢᠯᠠᠯᠲᠤ ᠰᠤᠶᠤᠯ ᠢ ᠰᠤᠷᠲᠠᠯᠴᠢᠯᠠᠬᠤ ᠡᠳᠦᠷᠯᠢᠭ ᠪᠣᠯᠪᠠ | News.MN

ᠡᠬᠡ ᠬᠡᠯᠡ᠂ ᠤᠯᠠᠮᠵᠢᠯᠠᠯᠲᠤ ᠰᠤᠶᠤᠯ ᠢ ᠰᠤᠷᠲᠠᠯᠴᠢᠯᠠᠬᠤ ᠡᠳᠦᠷᠯᠢᠭ ᠪᠣᠯᠪᠠ

ᠮᠣᠩᠭᠣᠯ ᠤᠯᠤᠰ ᠠᠴᠠ ᠰᠸᠢᠰ  ᠦᠨ ᠬᠣᠯᠪᠣᠭᠠᠨ ᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂  ᠰᠸᠢᠰ ᠳᠠᠬᠢ ᠮᠣᠩᠭᠣᠯ ᠤᠨ ᠨᠡᠶᠢᠭᠡᠮᠯᠢᠭ᠂  ᠰᠸᠢᠰ ᠤᠯᠤᠰ ᠤᠨ ᠹᠷᠠᠨᠼᠢ ᠬᠡᠯᠡ ᠲᠡᠢ ᠨᠤᠲᠤᠭ ᠳᠠᠬᠢ ᠮᠣᠩᠭᠣᠯᠴᠤᠳ ᠤᠨ ᠨᠡᠶᠢᠭᠡᠮᠯᠢᠭ᠂ ᠵᠧᠨᠨᠧ ᠳ᠋ᠡᠬᠢ ᠮᠣᠩᠭᠣᠯ ᠬᠡᠦᠬᠡᠳ ᠦᠨ ᠨᠡᠶᠢᠭᠡᠮᠯᠢᠭ᠂ GM-Star ᠺᠯᠦ᠋ᠪ ᠲᠡᠢ ᠬᠠᠮᠲᠤᠷᠠᠨ《ᠡᠬᠡ ᠬᠡᠯᠡ᠂ ᠤᠯᠠᠮᠵᠢᠯᠠᠯᠲᠤ ᠰᠤᠶᠤᠯ ᠢ ᠰᠤᠷᠲᠠᠯᠴᠢᠯᠠᠬᠤ ᠡᠳᠦᠷᠯᠢᠭ》 ᠢ ᠡᠨᠡ ᠰᠠᠷ᠎ᠠ ᠶᠢᠨ 20  ᠳᠦ ᠵᠣᠬᠢᠶᠠᠨ ᠪᠠᠶᠢᠭᠤᠯᠵᠠᠢ᠃
ᠮᠣᠩᠭᠣᠯ ᠠᠷᠠᠳ ᠤᠨ ᠵᠠᠩ ᠵᠠᠩᠰᠢᠯ᠂ ᠡᠬᠡ ᠬᠡᠯᠡ ᠶᠢ ᠰᠸᠢᠰ ᠲᠦ ᠰᠤᠷᠤᠯᠴᠠᠵᠤ ᠪᠤᠢ ᠬᠡᠦᠬᠡᠳ ᠪᠠᠭᠠᠴᠤᠳ ᠲᠤ ᠰᠤᠷᠲᠠᠯᠴᠢᠯᠠᠬᠤ ᠵᠣᠷᠢᠯᠭ᠎ᠠ ᠲᠠᠢ ᠲᠤᠰ ᠠᠷᠭ᠎ᠠ ᠬᠡᠮᠵᠢᠶᠡᠨ ᠳᠦ 50 ᠣᠷᠴᠢᠮ ᠬᠡᠦᠬᠡᠳ ᠣᠷᠣᠯᠴᠠᠭᠰᠠᠨ ᠪᠠᠶᠢᠨ᠎ᠠ᠃ ᠲᠡᠳᠡ ᠤᠷᠠᠨ ᠤᠩᠰᠢᠯᠭ᠎ᠠ᠂ ᠴᠡᠪᠡᠷ ᠪᠢᠴᠢᠭ ᠦᠨ ᠤᠷᠤᠯᠳᠤᠭᠠᠨ ᠵᠣᠬᠢᠶᠠᠨ ᠪᠠᠶᠢᠭᠤᠯᠵᠤ᠂ 《ᠮᠢᠨᠦ ᠡᠬᠡ ᠣᠷᠣᠨ-ᠮᠣᠩᠭᠣᠯ》ᠭᠠᠷ ᠵᠢᠷᠤᠭ ᠤᠨ ᠤᠷᠤᠯᠳᠤᠭᠠᠨ ᠳᠤ ᠢᠳᠡᠪᠬᠢᠲᠡᠢ ᠣᠷᠣᠯᠴᠠᠭᠰᠠᠨ ᠬᠡᠦᠬᠡᠳ ᠦᠳ ᠲᠦ ᠳᠤᠷᠠᠰᠬᠠᠯ ᠤᠨ ᠵᠦᠢᠯᠡᠰ ᠭᠠᠷᠳᠠᠭᠤᠯᠤᠭᠰᠠᠨ ᠪᠠᠢᠨ᠎ᠠ᠃
ᠮᠦᠨ ᠢᠵᠠᠭᠤᠷ ᠬᠥᠭᠵᠢᠮ ᠦᠨ《ТЭЗО》ᠬᠠᠮᠲᠤᠯᠢᠭ᠂ ᠪᠦᠵᠢᠭ ᠦᠨ《ᠳᠣᠨᠵᠢ》ᠬᠠᠮᠲᠤᠯᠢᠭ ᠬᠦᠷᠦᠯᠴᠡᠨ ᠢᠷᠡᠵᠦ᠂ ᠤᠷᠠᠨ ᠪᠦᠲᠦᠭᠡᠯ ᠡᠴᠡ ᠪᠡᠨ ᠲᠣᠯᠢᠯᠠᠭᠤᠯᠬᠤ ᠶᠢᠨ ᠵᠡᠷᠭᠡᠴᠡᠭᠡ ᠬᠡᠦᠬᠡᠳ ᠪᠠᠭᠠᠴᠤᠳ ᠲᠤ ᠠᠷᠠᠳ ᠤᠨ ᠬᠥᠭᠵᠢᠮ᠂

ᠰᠡᠳᠬᠢᠭᠳᠡᠯ ᠦᠯᠡᠳᠡᠭᠡᠬᠦ