ᠰᠣᠨᠢᠷᠬᠠᠭᠴᠢ ᠶᠢᠨ ᠰᠦᠮᠦᠤ ᠶᠢᠨ ᠣᠯᠠᠨ ᠤᠯᠤᠰ ᠤᠨ ᠨᠡᠭᠡᠭᠡᠯᠲᠡ ᠲᠡᠢ ᠲᠡᠮᠡᠴᠡᠭᠡᠨ ᠲᠠᠪᠤᠳᠤᠭᠠᠷ ᠰᠠᠷ᠎ᠠ ᠶᠢᠨ 21 ᠳᠦ ᠠᠮᠧᠷᠢᠺᠠ ᠶᠢᠨ ᠯᠣᠰ ᠠᠨᠵᠧᠯᠧᠰ ᠲᠤ ᠵᠣᠬᠢᠶᠠᠨ ᠪᠠᠶᠢᠭᠤᠯᠤᠭᠳᠠᠭᠰᠠᠨ᠃ ᠲᠡᠮᠡᠴᠡᠭᠡᠨ ᠳᠦ ᠮᠠᠨ ᠤ ᠲᠠᠪᠤᠨ ᠲᠠᠮᠢᠷᠴᠢᠨ ᠣᠷᠣᠯᠴᠠᠭᠰᠠᠨ ᠪᠥᠭᠡᠳ ᠼ∙ ᠮᠡᠨᠳᠦᠰᠠᠶᠢᠬᠠᠨ 14 ᠤᠳᠠᠭ᠎ᠠ ᠪᠠᠷᠢᠯᠳᠤᠵᠤ᠂ 13 ᠳᠠᠪᠠᠭᠰᠠᠨ ᠠᠮᠵᠢᠯᠲᠠ ᠪᠠᠷ ᠲᠦᠷᠦᠭᠦᠯᠡᠵᠦ᠂ ᠬᠣᠱᠣᠢ ᠠᠪᠤᠷᠭᠤ ᠪᠣᠯᠵᠠᠢ᠃ ᠲᠡᠷᠡ ᠪᠡᠷ ᠥᠩᠭᠡᠷᠡᠭᠰᠡᠨ ᠵᠢᠯ ᠦᠨ ᠲᠡᠮᠡᠴᠡᠭᠡᠨ ᠳᠦ ᠨᠢᠭᠡ ᠴᠤ ᠤᠳᠠᠭ᠎ᠠ ᠤᠨᠠᠯ ᠦᠭᠡᠢ ᠲᠡᠷᠢᠭᠦᠯᠡᠵᠦ ᠪᠠᠶᠢᠭᠰᠠᠨ ᠶᠤᠮ᠃
100 ᠺᠢᠯᠦᠭᠷᠡᠮ ᠤᠨ ᠵᠢᠩ ᠳᠦ ᠪᠠᠷᠢᠯᠳᠤᠭᠰᠠᠨ ᠪᠥᠬᠡᠴᠦᠳ ᠡᠴᠡ ᠣ᠊∙ᠦᠰᠬᠦᠪᠠᠶᠠᠷ ᠬᠦᠨᠳᠦ ᠵᠢᠩ ᠳᠦ ᠠᠯᠲᠠᠨ ᠮᠧᠳᠠᠯ᠂ ᠦᠨᠡᠮᠯᠡᠬᠦᠢ ᠳᠦ ᠬᠦᠷᠡᠯ ᠮᠧᠳᠠᠯ ᠬᠦᠷᠲᠡᠵᠡᠢ᠃ ᠡᠮᠡᠭᠲᠡᠶᠢᠴᠦᠳ ᠡᠴᠡ 80 ᠺᠢᠯᠦᠭᠷᠡᠮ ᠳᠦ ᠰ ∙ ᠡᠩᠬᠡᠵᠠᠶᠠ ᠬᠦᠨᠳᠦ ᠵᠢᠩ ᠳᠦ ᠠᠪᠤᠷᠭᠤ ᠨᠤᠭᠤᠳ ᠤᠨ ᠲᠣᠭ᠎ᠠ ᠶᠢ ᠠᠬᠢᠭᠤᠯᠵᠤ᠂ ᠦᠨᠡᠮᠯᠡᠬᠦᠢ ᠳᠦ ᠤᠳᠠᠭᠠᠬᠢ ᠪᠠᠶᠢᠷᠢᠨ ᠳᠤ ᠣᠷᠣᠭᠰᠠᠨ ᠪᠠᠶᠢᠨ᠎ᠠ᠃ ᠣ᠊ ∙ ᠮᠥᠩᠬᠡᠴᠡᠴᠡᠭ 80 ᠺᠢᠯᠦᠭᠷᠡᠮ ᠤᠨ ᠵᠢᠩ ᠳᠦ ᠮᠥᠩᠭᠥ᠂ ᠦᠨᠡᠮᠯᠡᠬᠦᠢ ᠳᠦ ᠲᠦᠷᠦᠭᠦᠯᠡᠵᠡᠢ᠃