︽ᠣᠯᠠᠨ ᠤᠯᠤᠰ ᠤᠨ ᠰᠤᠪᠢᠯᠠᠭᠴᠢᠳ ᠤᠨ ᠡᠳᠦᠷ︾ ᠢ ᠲᠣᠬᠢᠶᠠᠯᠳᠤᠭᠤᠯᠤᠨ ᠵᠣᠬᠢᠶᠠᠨ ᠪᠠᠶᠢᠭᠤᠯᠵᠤ ᠪᠤᠢ ᠶᠣᠰᠣᠯᠠᠯ᠂ ᠬᠦᠨᠳᠦᠳᠬᠡᠯ ᠦᠨ ᠴᠢᠭᠤᠯᠭᠠᠨ ᠰᠤᠶᠤᠯ ᠤᠨ ᠲᠥᠪ ᠥᠷᠭᠦᠭᠡᠨ ᠳᠦ ᠡᠬᠢᠯᠡᠯ᠎ᠡ᠃ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠴᠢᠭᠤᠯᠭᠠᠨ ᠳᠤ ᠣᠷᠣᠯᠴᠠᠨ᠂ ᠢᠷᠭᠡᠳ ᠦᠨ ᠢᠶᠡᠨ ᠡᠷᠡᠭᠦᠯ ᠮᠡᠨᠳᠦ᠂ ᠠᠶᠤᠯᠭᠦᠢ ᠪᠠᠶᠢᠳᠠᠯ ᠢ ᠰᠠᠬᠢᠨ ᠬᠠᠮᠠᠭᠠᠯᠠᠬᠤ ᠶᠢᠨ ᠲᠥᠯᠥᠭᠡ ᠬᠦᠴᠦᠨ ᠵᠢᠳᠬᠦᠵᠦ ᠪᠠᠶᠢᠭᠰᠠᠨ ᠪᠣᠯᠤᠨ ᠣᠳᠣ ᠠᠵᠢᠯᠯᠠᠵᠤ ᠪᠠᠶᠢᠭ᠎ᠠ ᠰᠤᠪᠢᠯᠠᠭᠴᠢᠳ ᠲᠤ ᠪᠠᠶᠠᠷ ᠬᠦᠷᠭᠡᠵᠦ᠂ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠪᠡ᠃
ᠲᠡᠷᠡᠪᠡᠷ᠂ ᠡᠨᠡ ᠰᠠᠯᠪᠤᠷᠢ ᠳᠤ ᠰᠢᠨ᠎ᠡ ᠲᠧᠭᠨᠣᠯᠣᠭᠢ᠂ ᠢᠨᠨᠣᠸᠠᠼ ᠨᠡᠪᠲᠡᠷᠡᠭᠦᠯᠬᠦ᠂ ᠮᠡᠷᠭᠡᠰᠢᠭᠰᠡᠨ ᠰᠤᠪᠢᠯᠠᠬᠤᠢ ᠶᠢᠨ ᠲᠤᠰᠠᠯᠠᠮᠵᠢ ᠶᠢ ᠥᠷᠭᠡᠵᠢᠭᠦᠯᠵᠦ᠂ ᠰᠤᠪᠢᠯᠠᠭᠴᠢ ᠶᠢᠨ ᠠᠵᠢᠯ ᠤᠨ ᠦᠨᠡᠯᠡᠮᠵᠢ ᠶᠢ ᠨᠡᠮᠡᠭᠳᠡᠭᠦᠯᠬᠦ ᠳᠦ《ᠪᠢᠳᠡᠨ ᠦ ᠰᠤᠪᠢᠯᠠᠭᠴᠢ – ᠪᠢᠳᠡᠨ ᠦ ᠢᠷᠡᠭᠡᠳᠦᠢ》ᠠᠶᠠᠨ ᠴᠢᠬᠤᠯᠠ ᠨᠥᠯᠥᠭᠡ ᠦᠵᠡᠭᠦᠯᠦᠨ᠎ᠡ ᠭᠡᠳᠡᠭ ᠲᠦ ᠢᠲᠡᠭᠡᠵᠦ ᠪᠠᠶᠢᠭ᠎ᠠ ᠪᠠᠨ ᠢᠯᠡᠷᠬᠡᠶᠢᠯᠡᠪᠡ᠃
ᠮᠥᠨ ᠠᠯᠢ ᠱᠠᠲᠤᠯᠠᠯ ᠤᠨ ᠡᠷᠡᠭᠦᠯ ᠮᠡᠨᠳᠦ ᠶᠢᠨ ᠪᠠᠶᠢᠭᠤᠯᠤᠯᠭ᠎ᠠ ᠳᠤ᠂ ᠶᠠᠮᠠᠷ ᠮᠡᠷᠭᠡᠵᠢᠯ ᠦᠨ᠂ ᠬᠡᠳᠦᠨ ᠰᠤᠪᠢᠯᠠᠭᠴᠢ ᠱᠠᠭᠠᠷᠳᠠᠯᠭ᠎ᠠ ᠲᠠᠢ ᠶᠢ ᠨᠠᠷᠢᠨ ᠲᠣᠳᠣᠷᠬᠠᠶᠢᠯᠠᠵᠤ᠂ ᠰᠠᠯᠪᠤᠷᠢ ᠶᠢᠨ ᠪᠣᠳᠣᠯᠭ᠎ᠠ᠂ ᠲᠥᠯᠦᠪᠯᠡᠭᠡᠨ ᠳᠦ ᠪᠡᠨ ᠲᠤᠰᠬᠠᠨ ᠠᠵᠢᠯᠯᠠᠬᠤ ᠱᠠᠭᠠᠷᠳᠠᠯᠭ᠎ᠠ ᠲᠠᠢ ᠶᠢ ᠬᠡᠯᠡᠪᠡ᠃ ᠶᠡᠷᠦᠩᠬᠡᠶᠢᠯᠡᠭᠴᠢ ᠶᠢᠨ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ《ᠡᠷᠡᠭᠦᠯ ᠮᠣᠩᠭᠣᠯ ᠬᠦᠮᠦᠨ》ᠦᠨᠳᠦᠰᠦᠨ ᠦ ᠬᠥᠳᠡᠯᠭᠡᠭᠡᠨ ᠦ ᠬᠦᠷᠢᠶᠡᠨ ᠳᠦ ᠡᠷᠡᠭᠦᠯ ᠣᠷᠴᠢᠨ ᠪᠦᠷᠢᠳᠦᠭᠦᠯᠬᠦ᠂ ᠠᠮᠢᠳᠤᠷᠠᠯ ᠤᠨ ᠵᠥᠪ ᠬᠡᠪᠰᠢᠯ ᠲᠥᠯᠦᠪᠰᠢᠭᠦᠯᠬᠦ᠂ ᠢᠳᠡᠪᠬᠢᠲᠡᠢ ᠬᠥᠳᠡᠯᠭᠡᠭᠡᠨ ᠢ ᠳᠡᠮᠵᠢᠬᠦ᠂ ᠡᠷᠡᠭᠦᠯ ᠮᠡᠨᠳᠦ ᠶᠢᠨ ᠪᠣᠯᠪᠠᠰᠤᠷᠠᠯ ᠢ ᠨᠠᠰᠤ᠂ ᠬᠦᠢᠰᠦ᠂ ᠪᠡᠶ᠎ᠡ ᠪᠢᠯᠳᠠᠷ ᠤᠨ ᠣᠨᠴᠠᠯᠢᠭ ᠲᠤ ᠲᠣᠬᠢᠷᠠᠭᠤᠯᠤᠨ ᠣᠯᠭᠤᠬᠤ ᠳᠤ ᠲᠥᠷᠥ ᠶᠢᠨ ᠪᠦᠬᠦ ᠪᠠᠶᠢᠭᠤᠯᠤᠯᠭ᠎ᠠ ᠪᠣᠯᠤᠨ ᠱᠠᠲᠤ ᠱᠠᠲᠤᠨ ᠤ ᠡᠮᠨᠡᠯᠭᠡ᠂ ᠡᠷᠡᠭᠦᠯ ᠮᠡᠨᠳᠦ ᠶᠢᠨ ᠪᠠᠶᠢᠭᠤᠯᠤᠯᠭ᠎ᠠ ᠬᠠᠮᠲᠤᠷᠠᠨ ᠠᠵᠢᠯᠯᠠᠬᠤ ᠨᠢ ᠵᠦᠢᠲᠡᠢ ᠶᠢ ᠲᠡᠮᠳᠡᠭᠯᠡᠪᠡ᠃