ᠡᠨᠡ ᠵᠢᠯ ᠦᠨ ᠨᠣᠮ ᠤᠨ ᠪᠠᠶᠠᠷ ᠣᠨᠴᠠᠯᠢᠭ ᠲᠠᠢ ᠪᠣᠯᠤᠨ᠎ᠠ | News.MN

ᠡᠨᠡ ᠵᠢᠯ ᠦᠨ ᠨᠣᠮ ᠤᠨ ᠪᠠᠶᠠᠷ ᠣᠨᠴᠠᠯᠢᠭ ᠲᠠᠢ ᠪᠣᠯᠤᠨ᠎ᠠ

33 ᠳ᠋ᠡᠬᠢ ᠦᠨᠳᠦᠰᠦᠨ ᠦ ᠨᠣᠮ ᠤᠨ ᠪᠠᠶᠠᠷ ᠢ  ᠲᠠᠪᠤᠳᠤᠭᠠᠷ ᠰᠠᠷ᠎ᠠ ᠶᠢᠨ 19-21  ᠳᠦ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠡᠨᠡ ᠤᠳᠠᠭ᠎ᠠ ᠶᠢᠨ ᠨᠣᠮ ᠤᠨ ᠪᠠᠶᠠᠷ ᠤᠨ ᠦᠨᠳᠦᠰᠦᠨ ᠦᠢᠯᠡ ᠠᠵᠢᠯᠯᠠᠭ᠎ᠠ ᠳ ∙ ᠰᠦᠬᠡᠪᠠᠭᠠᠲᠤᠷ ᠤᠨ ᠲᠠᠯᠠᠪᠠᠢ ᠳᠤ ᠭᠤᠷᠪᠠ ᠬᠣᠨᠣᠭ ᠪᠣᠯᠬᠤ ᠶᠤᠮ᠃

ᠨᠣᠮ ᠤᠨ ᠪᠠᠶᠠᠷ ᠢᠶᠠᠷ ᠵᠣᠬᠢᠶᠠᠯᠴᠢ᠂ ᠣᠷᠴᠢᠭᠤᠯᠤᠭᠴᠢ᠂ ᠰᠤᠳᠤᠯᠤᠭᠠᠴᠢ᠂ ᠨᠣᠮ ᠡᠷᠬᠢᠯᠡᠨ ᠭᠠᠷᠭᠠᠭᠴᠢ ᠭᠠᠵᠠᠷ ᠤᠳ ᠤᠨ ᠪᠦᠲᠦᠭᠡᠯ ᠦᠳ ᠢ ᠬᠢᠮᠳᠠᠷᠠᠯ ᠲᠠᠢ ᠪᠠᠷ ᠠᠪᠴᠤ᠂ ᠵᠣᠬᠢᠶᠠᠯᠴᠢ ᠠᠴᠠ ᠨᠢ ᠭᠠᠷ ᠤᠨ ᠦᠰᠦᠭ ᠲᠡᠢ ᠪᠡᠷ ᠬᠤᠳᠠᠯᠳᠤᠨ ᠠᠪᠬᠤ ᠪᠣᠯᠤᠮᠵᠢ ᠲᠠᠢ᠃ ᠮᠥᠨ ᠬᠣᠪᠣᠷ ᠬᠠᠭᠤᠴᠢᠨ ᠨᠣᠮ ᠤᠨ ᠬᠤᠳᠠᠯᠳᠤᠭ᠎ᠠ ᠪᠣᠯᠳᠠᠭ᠃ ᠵᠣᠬᠢᠶᠠᠯᠴᠢ᠂ ᠣᠷᠴᠢᠭᠤᠯᠤᠭᠴᠢ᠂ ᠨᠣᠮ ᠤᠨ ᠬᠤᠳᠠᠯᠳᠤᠭ᠎ᠠ ᠡᠷᠬᠢᠯᠡᠭᠴᠢᠳ ᠪᠣᠯᠤᠨ ᠢᠷᠭᠡᠳ ᠰᠦᠬᠡᠪᠠᠭᠠᠲᠤᠷ ᠤᠨ ᠲᠠᠯᠠᠪᠠᠢ ᠳᠤ 280 ᠭᠠᠷᠤᠢ ᠠᠰᠠᠷ ᠲᠤ ᠪᠦᠲᠦᠭᠡᠯ ᠢᠶᠡᠨ ᠳᠡᠯᠭᠡᠨ ᠬᠤᠳᠠᠯᠳᠤᠳᠠᠭ ᠪᠥᠭᠡᠳ ᠥᠩᠭᠡᠷᠡᠭᠰᠡᠨ ᠵᠢᠯ 180 ᠮᠢᠩᠭ᠎ᠠ ᠭᠠᠷᠤᠢ ᠬᠦᠮᠦᠨ ᠨᠣᠮ ᠤᠨ ᠪᠠᠶᠠᠷ ᠲᠤ ᠣᠷᠣᠯᠴᠠᠭᠰᠠᠨ ᠰᠲ᠋ᠠᠲ᠋ᠢᠰᠲ᠋ᠢᠺ ᠭᠠᠷᠴᠠᠢ᠃
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ 2012 ᠣᠨ ᠤ 158 ᠳ᠋ᠤᠭᠠᠷ ᠵᠠᠷᠯᠢᠭ ᠤᠨ ᠬᠦᠷᠢᠶᠡᠨ ᠳᠦ ᠵᠣᠬᠢᠶᠠᠨ ᠪᠠᠶᠢᠭᠤᠯᠵᠤ ᠪᠤᠢ ︽ᠨᠣᠮ ᠤᠨ ᠪᠠᠶᠠᠷ︾ ᠲᠤ ᠣᠯᠠᠨ ᠰᠣᠨᠢᠷᠬᠠᠯ ᠲᠠᠢ ᠠᠷᠭ᠎ᠠ ᠬᠡᠮᠵᠢᠶ᠎ᠡ ᠪᠤᠯᠬᠤ ᠪᠠᠷ ᠲᠥᠯᠥᠪᠯᠡᠭᠡᠳ ᠪᠤᠢ  ᠠᠵᠠᠢ᠃

ᠰᠡᠳᠬᠢᠭᠳᠡᠯ ᠦᠯᠡᠳᠡᠭᠡᠬᠦ