ᠲᠠᠪᠤᠨᠲᠣᠯᠣᠭᠠᠢ ᠵᠡᠭᠦᠨᠪᠠᠶᠠᠨ ᠲᠡᠮᠦᠷ ᠵᠠᠮ ᠳᠤ ᠵᠡᠷᠯᠢᠭ ᠠᠮᠢᠲᠠᠳ ᠢ ᠬᠢᠨᠠᠬᠤ ᠺᠠᠮᠧᠷ ᠪᠠᠶᠢᠷᠢᠰᠢᠭᠤᠯᠤᠯ᠎ᠠ | News.MN

ᠲᠠᠪᠤᠨᠲᠣᠯᠣᠭᠠᠢ ᠵᠡᠭᠦᠨᠪᠠᠶᠠᠨ ᠲᠡᠮᠦᠷ ᠵᠠᠮ ᠳᠤ ᠵᠡᠷᠯᠢᠭ ᠠᠮᠢᠲᠠᠳ ᠢ ᠬᠢᠨᠠᠬᠤ ᠺᠠᠮᠧᠷ ᠪᠠᠶᠢᠷᠢᠰᠢᠭᠤᠯᠤᠯ᠎ᠠ

ᠲᠠᠪᠤᠨᠲᠣᠯᠣᠭᠠᠢ᠂ ᠵᠡᠭᠦᠨᠪᠠᠶᠠᠨ ᠴᠢᠭᠯᠡᠯ ᠦᠨ ᠲᠡᠮᠦᠷ ᠵᠠᠮ ᠳᠤ ᠠᠮᠧᠷᠢᠺᠠ ᠶᠢᠨ ᠬᠥᠭᠵᠢᠯ ᠦᠨ ᠠᠭᠧᠨᠲᠯᠢᠭ ᠤᠨ ᠰᠠᠩᠬᠦᠦᠵᠢᠯᠲᠡ ᠪᠡᠷ ᠬᠡᠷᠡᠭᠵᠢᠭᠦᠯᠵᠦ ᠪᠤᠢ 《ᠱᠤᠭᠤᠮᠠᠨ ᠳᠡᠳ᠋ ᠪᠦᠲᠦᠴᠡ ᠶᠢ ᠪᠠᠶᠢᠭᠠᠯᠢ ᠳᠤ ᠡᠭᠡᠯᠢ ᠲᠡᠢ ᠲᠥᠯᠥᠪᠯᠡᠬᠦ ᠨᠢ》 ᠲᠥᠰᠥᠯ ᠦᠨ ᠬᠦᠷᠢᠶᠡᠨ ᠳᠦ ᠳᠡᠯᠡᠬᠡᠢ ᠶᠢᠨ ᠪᠠᠶᠢᠭᠠᠯᠢ ᠬᠠᠮᠠᠭᠠᠯᠠᠬᠤ ᠰᠠᠩ︵WWF︶ ᠦᠨ ᠮᠣᠩᠭᠣᠯ ᠳ᠋ᠠᠬᠢ ᠬᠥᠲᠥᠯᠪᠦᠷᠢ ᠶᠢᠨ ᠭᠠᠵᠠᠷ ᠠᠴᠠ ᠠᠵᠢᠭᠯᠠᠯᠲᠠ ᠶᠢᠨ ᠺᠠᠮᠧᠷ ᠤᠳ ᠢ ᠰᠠᠭᠤᠷᠢᠯᠠᠭᠤᠯᠤᠯ᠎ᠠ᠃
ᠡᠳᠡᠭᠡᠷ ᠺᠠᠮᠧᠷ ᠤᠳ ᠤᠨ ᠲᠤᠰᠠᠯᠠᠮᠵᠢ ᠲᠠᠢ ᠪᠠᠷ ᠲᠠᠪᠤᠨᠲᠣᠯᠣᠭᠠᠢ᠂ ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠲᠡᠮᠦᠷ ᠵᠠᠮ ᠳᠠᠭᠠᠤ ᠵᠡᠷᠯᠢᠭ ᠠᠮᠢᠲᠠᠳ ᠤᠨ ᠨᠡᠭᠦᠳᠡᠯᠯᠡᠬᠦ᠂ ᠨᠤᠲᠤᠭ ᠰᠡᠯᠭᠦᠬᠦ᠂ ᠤᠰᠤ ᠪᠣᠯᠤᠨ ᠢᠳᠡᠰᠢ ᠲᠡᠵᠢᠭᠡᠯ ᠬᠠᠶᠢᠬᠤ ᠵᠡᠷᠭᠡ ᠰᠢᠯᠵᠢᠯᠲᠡ ᠬᠥᠳᠡᠯᠭᠡᠭᠡᠨ ᠦ ᠮᠣᠨᠢᠲ᠋ᠣᠷᠢᠨ ᠢ ᠬᠢᠬᠦ᠂ ᠤᠯᠠᠮ ᠢᠶᠠᠷ ᠱᠤᠭᠤᠮᠠᠨ ᠳᠡᠳ᠋ ᠪᠦᠲᠦᠴᠡ ᠶᠢ ᠮᠠᠯ᠂ ᠵᠡᠷᠯᠢᠭ ᠠᠮᠢᠲᠠᠳ ᠲᠤ ᠡᠭᠡᠯᠢᠲᠡᠢ ᠪᠠᠶᠢᠳᠠᠯ ᠢᠶᠠᠷ ᠲᠥᠯᠥᠪᠯᠡᠬᠦ᠂ ᠬᠥᠳᠡᠯᠭᠡᠭᠡᠨ ᠦ  ᠠᠶᠤᠯᠭᠦᠢ ᠪᠠᠶᠢᠳᠠᠯ ᠢ ᠰᠠᠶᠢᠵᠢᠷᠠᠭᠤᠯᠬᠤ ᠳᠤ ᠱᠠᠭᠠᠷᠳᠠᠯᠭ᠎ᠠ ᠲᠠᠢ ᠳ᠋ᠠᠲ᠋ᠠ ᠮᠡᠳᠡᠭᠡᠯᠡᠯ ᠲᠡᠢ ᠪᠣᠯᠬᠤ ᠪᠣᠯᠤᠮᠵᠢ  ᠪᠦᠷᠢᠳᠦᠨ᠎ᠡ᠃

ᠰᠡᠳᠬᠢᠭᠳᠡᠯ ᠦᠯᠡᠳᠡᠭᠡᠬᠦ