ᠡᠷᠲᠡᠨ ᠦ ᠬᠢᠲᠠᠳ ᠤᠨ ᠬᠠᠨ᠎ᠠ ᠶᠢᠨ ᠵᠢᠷᠤᠭ ᠢ ᠰᠡᠷᠭᠦᠭᠡᠨ ᠵᠠᠰᠠᠬᠤ ᠰᠤᠷᠭᠠᠯᠲᠠ ᠶᠠᠪᠤᠭᠤᠯᠤᠨ᠎ᠠ | News.MN

ᠡᠷᠲᠡᠨ ᠦ ᠬᠢᠲᠠᠳ ᠤᠨ ᠬᠠᠨ᠎ᠠ ᠶᠢᠨ ᠵᠢᠷᠤᠭ ᠢ ᠰᠡᠷᠭᠦᠭᠡᠨ ᠵᠠᠰᠠᠬᠤ ᠰᠤᠷᠭᠠᠯᠲᠠ ᠶᠠᠪᠤᠭᠤᠯᠤᠨ᠎ᠠ

ᠮᠣᠩᠭᠣᠯ ᠤᠨ ᠤᠷᠠᠯᠢᠭ ᠤᠨ ᠵᠥᠪᠯᠡᠯ  ᠳᠡᠯᠡᠬᠡᠢ ᠶᠢᠨ ᠬᠥᠰᠢᠶ᠎ᠡ ᠳᠤᠷᠠᠰᠬᠠᠯ ᠤᠨ ᠰᠠᠩ ᠲᠠᠢ ᠬᠠᠮᠲᠤᠷᠠᠨ 2021 ᠣᠨ ᠠᠴᠠ ᠡᠬᠢᠯᠡᠨ ᠴᠣᠶᠢᠵᠣᠩ ᠯᠠᠮ᠎ᠠ ᠶᠢᠨ ᠰᠦᠮ᠎ᠡ ᠮᠦᠽᠧᠢ ᠶᠢᠨ ᠢᠳᠠᠮ ᠤᠨ ᠰᠦᠮ᠎ᠡ ᠶᠢᠨ ᠰᠡᠷᠭᠦᠭᠡᠨ ᠵᠠᠰᠠᠪᠤᠷᠢᠯᠠᠯᠲᠠ ᠶᠢᠨ ᠲᠥᠰᠥᠯ ᠢ ᠬᠡᠷᠡᠭᠵᠢᠭᠦᠯᠵᠡᠢ᠃ ᠲᠡᠳᠡ ᠠᠮᠧᠷᠢᠺᠠ ᠶᠢᠨ ᠡᠯᠴᠢᠨ ᠰᠠᠶᠢᠳ ᠤᠨ ᠰᠤᠶᠤᠯ ᠤᠨ ᠥᠪ ᠢ ᠬᠠᠮᠠᠭᠠᠯᠠᠬᠤ ᠰᠠᠩ ᠤᠨ ᠳᠡᠮᠵᠢᠯᠭᠡ ᠲᠡᠢ ᠪᠡᠷ ᠡᠨᠡ ᠠᠵᠢᠯ ᠢ ᠡᠬᠢᠯᠡᠭᠦᠯᠦᠭᠰᠡᠨ ᠪᠠᠶᠢᠨ᠎ᠠ᠃
ᠲᠥᠰᠥᠯ ᠦᠨ ᠬᠦᠷᠢᠶᠡᠨ ᠳᠦ ᠬᠢᠲᠠᠳ  ᠤᠨ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠶᠢᠨ ᠰᠤᠶᠤᠯ ᠤᠨ ᠥᠪ ᠦᠨ ᠬᠠᠳᠠᠭᠠᠯᠠᠯᠲᠠ᠂ ᠡᠷᠲᠡᠨ ᠦ ᠬᠢᠲᠠᠳ ᠤᠨ ᠬᠠᠨ᠎ᠠ ᠶᠢᠨ ᠵᠢᠷᠤᠭ ᠤᠨ ᠰᠡᠷᠭᠦᠭᠡᠨ ᠵᠠᠰᠠᠪᠤᠷᠢᠯᠠᠯᠲᠠ ᠶᠢᠨ ᠫᠷᠣᠹᠧᠰᠰᠣᠷ ᠭᠦᠸ᠋ᠸ ᠬᠣᠩ ᠂ ᠲᠡᠦᠬᠡ ᠰᠤᠶᠤᠯ ᠤᠨ ᠳᠤᠷᠠᠰᠬᠠᠯᠲᠤ ᠤᠷᠠᠨ ᠪᠠᠷᠢᠯᠭ᠎ᠠ ᠶᠢᠨ ᠬᠢᠴᠡ᠂ ᠰᠤᠶᠤᠯ ᠤᠨ ᠣᠯᠳᠠᠪᠤᠷᠢ ᠶᠢᠨ ᠬᠠᠳᠠᠭᠠᠯᠠᠯᠲᠠ ᠬᠠᠮᠠᠭᠠᠯᠠᠯᠲᠠ ᠶᠢᠨ ᠮᠡᠷᠭᠡᠵᠢᠯᠲᠡᠨ ᠰᠢᠶᠤᠤ  ᠵᠢᠨ ᠯᠢᠶᠠᠩ ᠪᠣᠯᠤᠨ ᠳᠡᠯᠡᠬᠡᠢ ᠶᠢᠨ ᠬᠥᠰᠢᠶ᠎ᠡ ᠳᠤᠷᠠᠰᠬᠠᠯ ᠤᠨ ᠰᠠᠩ ᠤᠨ ᠠᠽᠢᠶ᠎ᠠ ᠶᠢᠨ ᠪᠥᠰᠡ ᠨᠤᠲᠤᠭ ᠤᠨ ᠰᠤᠶᠤᠯ ᠤᠨ ᠥᠪ ᠦᠨ ᠬᠥᠲᠥᠯᠪᠦᠷᠢ ᠶᠢ ᠬᠠᠷᠢᠭᠤᠴᠠᠭᠰᠠᠨ ᠮᠧᠨᠧᠵᠧᠷ ᠬᠤᠩ ᠱᠢ ᠴᠤᠤ ᠨᠠᠷ ᠬᠦᠷᠦᠯᠴᠡᠨ ᠢᠷᠡᠵᠡᠢ᠃
ᠲᠡᠳᠡ ᠡᠨᠡ ᠰᠠᠷ᠎ᠠ ᠶᠢᠨ 7  ᠤ 10᠄00 ᠴᠠᠭ ᠲᠤ︽ᠴᠢᠩᠭᠢᠰ ᠬᠠᠭᠠᠨ︾ᠮᠦᠽᠧᠢ ᠶᠢᠨ ᠳᠦᠷᠪᠡᠳᠦᠭᠡᠷ ᠳᠠᠪᠬᠤᠷ ᠤᠨ ᠬᠤᠷᠠᠯ ᠤᠨ ᠲᠠᠩᠬᠢᠮ ᠳᠤ 《ᠰᠤᠶᠤᠯ ᠤᠨ ᠳᠤᠷᠠᠰᠬᠠᠯᠲᠤ ᠪᠠᠷᠢᠯᠭ᠎ᠠ ᠶᠢᠨ ᠰᠡᠷᠭᠦᠭᠡᠨ ᠵᠠᠰᠠᠪᠤᠷᠢᠯᠠᠯᠲᠠ᠂ ᠬᠠᠳᠠᠭᠠᠯᠠᠯᠲᠠ ᠬᠠᠮᠠᠭᠠᠯᠠᠯᠲᠠ》 ᠰᠤᠷᠭᠠᠯᠲᠠ ᠵᠣᠬᠢᠶᠠᠨ ᠪᠠᠶᠢᠭᠤᠯᠤᠨ᠎ᠠ᠃

ᠰᠡᠳᠬᠢᠭᠳᠡᠯ ᠦᠯᠡᠳᠡᠭᠡᠬᠦ