ᠤ᠊ ∙ᠬᠦᠷᠡᠯᠰᠦ᠋ᠬᠡ ᠫᠣᠯ  ᠷᠢᠴᠠᠷᠳ᠋ ᠭᠠᠯᠯᠠᠭᠧᠷ ᠢ ᠬᠦᠯᠢᠶᠡᠨ ᠠᠪᠴᠤ ᠠᠭᠤᠯᠵᠠᠪᠠ | News.MN

ᠤ᠊ ∙ᠬᠦᠷᠡᠯᠰᠦ᠋ᠬᠡ ᠫᠣᠯ  ᠷᠢᠴᠠᠷᠳ᠋ ᠭᠠᠯᠯᠠᠭᠧᠷ ᠢ ᠬᠦᠯᠢᠶᠡᠨ ᠠᠪᠴᠤ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠭᠡᠭᠡᠨ ᠰᠢᠷᠡᠭᠡᠲᠦ ᠤᠯᠤᠰ ᠤᠨ ᠭᠠᠳᠠᠭᠠᠳᠤ ᠬᠠᠷᠢᠯᠴᠠᠭᠠᠨ ᠤ ᠠᠰᠠᠭᠤᠳᠠᠯ ᠡᠷᠬᠢᠯᠡᠭᠰᠡᠨ ᠨᠠᠷᠢᠨ ᠪᠢᠴᠢᠭ ᠦᠨ ᠳᠠᠷᠤᠭ᠎ᠠ ᠫᠣᠯ ᠷᠢᠴᠠᠷᠳ᠋ ᠭᠠᠯᠯᠠᠭᠧᠷ ᠢ ᠬᠦᠯᠢᠶᠡᠨ ᠠᠪᠴᠤ ᠠᠭᠤᠯᠵᠠᠪᠠ᠃ ᠭᠡᠭᠡᠨ ᠰᠢᠷᠡᠭᠡᠲᠦ ᠤᠯᠤᠰ ᠤᠨ ᠲᠥᠷᠥ ᠶᠢᠨ ᠲᠡᠷᠢᠭᠦᠨ ᠫᠠᠫ ᠹᠷᠠᠨᠼᠢᠰ ᠢᠷᠡᠬᠦ ᠶᠢᠰᠦᠳᠦᠭᠡᠷ ᠰᠠᠷ᠎ᠠ ᠳᠤ ᠮᠣᠩᠭᠣᠯ ᠤᠯᠤᠰ ᠲᠤ ᠠᠶᠢᠯᠴᠢᠯᠠᠬᠤ ᠪᠣᠯᠤᠭᠰᠠᠨ ᠨᠢ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠰᠢᠨ᠎ᠡ ᠬᠠᠭᠤᠳᠠᠰᠤ ᠨᠡᠭᠡᠭᠡᠵᠦ᠂ ᠠᠯᠲᠠᠨ ᠦᠰᠦᠭ ᠢᠶᠡᠷ ᠪᠢᠴᠢᠭᠳᠡᠬᠦ ᠲᠡᠦᠬᠡᠨ ᠦᠢᠯᠡ ᠶᠠᠪᠤᠳᠠᠯ ᠭᠡᠳᠡᠭ ᠲᠦ ᠲᠠᠯ᠎ᠠ ᠨᠤᠭᠤᠳ ᠰᠠᠨᠠᠯ ᠨᠢᠭᠡᠳᠪᠡ᠃
ᠠᠭᠤᠯᠵᠠᠯᠲᠠ ᠶᠢᠨ ᠦᠶ᠎ᠡ ᠪᠡᠷ ᠳᠡᠯᠡᠬᠡᠢ ᠨᠡᠶᠢᠲᠡ ᠶᠢᠨ ᠡᠩᠬᠡ ᠲᠠᠶᠢᠪᠤᠩ᠂ ᠠᠶᠤᠯᠭᠦᠢ ᠪᠠᠶᠢᠳᠠᠯ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ᠂ ᠰᠤᠶᠤᠯ ᠤᠨ ᠰᠠᠯᠪᠤᠷᠢ᠂ ᠲᠡᠭᠦᠨ ᠦ ᠳᠣᠲᠣᠷ᠎ᠠ ᠭᠡᠭᠡᠨ ᠰᠢᠷᠡᠭᠡᠲᠦ ᠤᠯᠤᠰ ᠤᠨ ᠠᠷᠬᠢᠪ᠂ ᠨᠣᠮ ᠤᠨ ᠰᠠᠩ ᠳᠤ ᠬᠠᠳᠠᠭᠠᠯᠠᠭᠳᠠᠵᠤ ᠪᠤᠢ ᠮᠣᠩᠭᠣᠯ ᠤᠨ ᠲᠡᠦᠬᠡᠨ ᠪᠠᠷᠢᠮᠲᠠ᠂ ᠰᠤᠶᠤᠯ ᠤᠨ ᠥᠪ ᠢ ᠬᠠᠮᠲᠤᠷᠠᠨ ᠰᠤᠳᠤᠯᠬᠤ᠂ ᠡᠷᠳᠡᠮ ᠰᠢᠨᠵᠢᠯᠡᠭᠡᠨ ᠦ ᠪᠦᠲᠦᠭᠡᠯ ᠭᠠᠷᠭᠠᠬᠤ᠂ ᠲᠡᠳᠡᠭᠡᠷ ᠢ ᠬᠣᠶᠢᠴᠢ ᠢᠷᠡᠭᠡᠳᠦᠢ ᠳᠦ ᠪᠡᠨ ᠲᠠᠨᠢᠭᠤᠯᠤᠨ ᠥᠪᠯᠡᠭᠦᠯᠬᠦ ᠲᠠᠯ᠎ᠠ ᠪᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ