ᠬᠦᠯᠡᠮᠵᠢ ᠶᠢᠨ ᠠᠵᠤ ᠠᠬᠤᠢ ᠶᠢᠨ ᠴᠣᠭᠴᠠᠯᠠᠪᠤᠷᠢ ᠶᠢ ᠠᠰᠢᠭᠯᠠᠯᠲᠠ ᠳᠤ ᠣᠷᠣᠭᠤᠯᠤᠯ᠎ᠠ | News.MN

ᠬᠦᠯᠡᠮᠵᠢ ᠶᠢᠨ ᠠᠵᠤ ᠠᠬᠤᠢ ᠶᠢᠨ ᠴᠣᠭᠴᠠᠯᠠᠪᠤᠷᠢ ᠶᠢ ᠠᠰᠢᠭᠯᠠᠯᠲᠠ ᠳᠤ ᠣᠷᠣᠭᠤᠯᠤᠯ᠎ᠠ

ᠬᠥᠪᠰᠥᠭᠥᠯ ᠠᠶᠢᠮᠠᠭ ᠤᠨ ᠢᠷᠭᠡᠳ ᠦᠨ ᠬᠦᠨᠡᠰᠦᠨ ᠦ ᠬᠠᠩᠭᠠᠮᠵᠢ᠂ ᠨᠠᠷᠢᠨ ᠨᠣᠭᠣᠭᠠᠨ ᠤ ᠨᠡᠶᠢᠯᠡᠭᠦᠯᠦᠯᠲᠡ ᠶᠢ ᠨᠡᠮᠡᠭᠳᠡᠭᠦᠯᠬᠦ᠂ ᠨᠤᠲᠤᠭ ᠤᠨ  ᠬᠦᠷᠦᠰᠦᠨ ᠳᠦ ᠤᠷᠭᠤᠭᠰᠠᠨ ᠨᠠᠷᠢᠨ ᠨᠣᠭᠣᠭ᠎ᠠ ᠪᠠᠷ ᠠᠶᠢᠮᠠᠭ ᠤᠨ ᠢᠶᠠᠨ ᠬᠡᠷᠡᠭᠴᠡᠭᠡ ᠶᠢ ᠪᠦᠷᠢᠨ ᠬᠠᠩᠭᠠᠬᠤ ᠵᠣᠷᠢᠯᠭ᠎ᠠ ᠲᠠᠢ 500 ᠺᠦᠸᠠᠳ᠋   ᠮᠧᠲᠷ ᠡᠪᠦᠯ ᠦᠨ ᠬᠦᠯᠡᠮᠵᠢ᠂ 160 ᠺᠦᠸᠠᠳ᠋ ᠮᠧᠲᠷ ᠵᠤᠨ ᠤ ᠬᠦᠯᠡᠮᠵᠢ ᠶᠢᠨ ᠴᠣᠭᠴᠠᠯᠠᠪᠤᠷᠢ ᠶᠢ ᠠᠰᠢᠭᠯᠠᠯᠲᠠ ᠳᠤ ᠣᠷᠣᠭᠤᠯᠤᠯ᠎ᠠ᠃
ᠬᠦᠯᠡᠮᠵᠢ ᠶᠢᠨ ᠠᠵᠤ ᠠᠬᠤᠢ ᠶᠢᠨ ᠴᠣᠭᠴᠠᠯᠠᠪᠤᠷᠢ ᠶᠢ ᠤᠯᠤᠰ ᠤᠨ ᠲᠥᠰᠥᠪ ᠦᠨ 400 ᠰᠠᠶ᠎ᠠ ᠲᠥᠭᠥᠷᠢᠭ ᠦᠨ ᠬᠥᠷᠥᠩᠭᠡ ᠣᠷᠣᠭᠤᠯᠤᠯᠲᠠ ᠪᠠᠷ ᠪᠠᠶᠢᠭᠤᠯᠤᠭᠰᠠᠨ ᠪᠥᠭᠡᠳ ᠵᠤᠨ ᠤ ᠤᠯᠠᠷᠢᠯ ᠳᠤ ᠮᠥᠷᠡᠨ ᠬᠣᠲᠠ ᠶᠢᠨ ᠢᠷᠭᠡᠳ ᠦᠨ ᠨᠠᠷᠢᠨ ᠨᠣᠭᠣᠭᠠᠨ ᠤ ᠬᠡᠷᠡᠭᠯᠡᠭᠡ ᠶᠢ ᠪᠦᠷᠢᠨ ᠬᠠᠩᠭᠠᠬᠤ ᠶᠢ ᠵᠣᠷᠢᠵᠤ ᠪᠠᠶᠢᠭ᠎ᠠ ᠶᠤᠮ᠃ ᠡᠨᠡ ᠵᠢᠯ ᠬᠥᠪᠰᠥᠭᠥᠯ ᠦᠨ ᠲᠠᠷᠢᠶᠠᠯᠠᠩᠴᠢᠳ ᠣᠷᠣᠨ ᠨᠤᠲᠤᠭ ᠤᠨ ᠢᠶᠠᠨ ᠦᠷ᠎ᠡ ᠲᠠᠷᠢᠶ᠎ᠠ᠂ ᠲᠥᠮᠥᠰᠥ ᠶᠢ 100 ᠬᠤᠪᠢ᠂ ᠬᠦᠨᠡᠰᠦᠨ ᠦ ᠨᠣᠭᠣᠭ᠎ᠠ ᠶᠢ 50 ᠬᠤᠪᠢ ᠬᠠᠩᠭᠠᠬᠤ ᠵᠣᠷᠢᠯᠲᠠ ᠳᠡᠪᠰᠢᠭᠦᠯᠦᠨ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ