10 ᠮᠢᠩᠭ᠎ᠠ ᠭᠠᠷᠤᠢ ᠡᠵᠢ ᠠᠯᠳᠠᠷᠲᠤ ᠡᠬᠡ ᠶᠢᠨ ᠤᠳᠤᠨ ᠭᠠᠷᠳᠠᠵᠤ ᠠᠪᠤᠯ᠎ᠠ | News.MN

10 ᠮᠢᠩᠭ᠎ᠠ ᠭᠠᠷᠤᠢ ᠡᠵᠢ ᠠᠯᠳᠠᠷᠲᠤ ᠡᠬᠡ ᠶᠢᠨ ᠤᠳᠤᠨ ᠭᠠᠷᠳᠠᠵᠤ ᠠᠪᠤᠯ᠎ᠠ

ᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠣᠯᠠᠨ ᠤᠯᠤᠰ ᠤᠨ ᠬᠡᠦᠬᠡᠳ ᠦᠨ ᠡᠷᠬᠡ ᠶᠢ ᠬᠠᠮᠠᠭᠠᠯᠠᠬᠤ ᠡᠳᠦᠷ ᠢ ᠲᠣᠬᠢᠶᠠᠯᠳᠤᠭᠤᠯᠤᠨ ᠣᠯᠠᠨ ᠬᠡᠦᠬᠡᠳ ᠲᠥᠷᠦᠭᠦᠯᠵᠦ ᠥᠰᠬᠡᠭᠰᠡᠨ ᠡᠬᠡ ᠶᠢ ᠤᠷᠮᠠᠰᠢᠭᠤᠯᠬᠤ ᠲᠤᠬᠠᠢ ᠬᠠᠤᠯᠢ ᠪᠣᠯᠤᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠵᠢᠭᠠᠭᠰᠠᠨ ᠪᠦᠷᠢᠨ ᠡᠷᠬᠡ ᠶᠢᠨ ᠢᠶᠡᠨ ᠬᠦᠷᠢᠶᠡᠨ ᠳᠦ ᠵᠠᠷᠯᠢᠭ ᠭᠠᠷᠭᠠᠵᠤ᠂ ᠡᠬᠡᠴᠦᠳ ᠲᠦ ᠠᠯᠳᠠᠷᠲᠤ ᠡᠬᠡ ᠶᠢᠨ ᠣᠳᠣᠨ ᠭᠠᠷᠳᠠᠭᠤᠯᠤᠯ᠎ᠠ᠃
ᠡᠨᠡ ᠵᠢᠯ ᠤᠯᠤᠰ ᠤᠨ ᠬᠡᠮᠵᠢᠶᠡᠨ ᠳᠦ 10785 ᠡᠵᠢ ᠠᠯᠳᠠᠷᠲᠤ ᠡᠬᠡ ᠶᠢᠨ ᠣᠳᠣᠨ ᠬᠦᠷᠲᠡᠵᠦ ᠪᠠᠶᠢᠭ᠎ᠠ ᠶᠢᠨ ᠣᠯᠠᠩᠬᠢ ᠨᠢ 36 ᠣᠷᠴᠢᠮ ᠨᠠᠰᠤᠨ ᠤ ᠬᠢᠨ ᠪᠠᠶᠢᠨ᠎ᠠ᠃ ᠡᠢᠨ ᠬᠦ ᠦᠷ᠎ᠡ ᠬᠡᠦᠬᠡᠳ ᠢᠶᠡᠨ ᠵᠥᠪ ᠰᠡᠳᠬᠢᠯ ᠲᠡᠢ᠂ ᠡᠷᠳᠡᠮ ᠪᠣᠯᠪᠠᠰᠤᠷᠠᠯ ᠲᠠᠢ᠂ ᠡᠷᠡᠭᠦᠯ ᠴᠢᠭᠢᠷᠠᠭ ᠢᠷᠭᠡᠨ ᠪᠣᠯᠭᠠᠨ ᠥᠰᠬᠡᠵᠦ ᠬᠦᠮᠦᠵᠢᠭᠦᠯᠦᠭᠰᠡᠨ ᠭᠠᠪᠢᠶ᠎ᠠ ᠵᠢᠳᠬᠦᠯ ᠢ ᠮᠣᠩᠭᠣᠯ ᠲᠥᠷᠥ  ᠠᠯᠳᠠᠷᠰᠢᠭᠤᠯᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ  ᠲᠡᠳᠡᠨ ᠳᠦ ᠪᠣᠯᠤᠨ ᠭᠡᠷ ᠪᠦᠯᠢ᠂ ᠦᠷ᠎ᠡ ᠬᠡᠦᠬᠡᠳ᠂ ᠲᠥᠷᠥᠯ ᠲᠥᠷᠥᠭᠰᠡᠳ ᠲᠦ ᠨᠢ ᠡᠷᠡᠭᠦᠯ ᠡᠩᠬᠡ᠂ ᠠᠵᠠ ᠵᠢᠷᠭᠠᠯ᠂ ᠰᠠᠶᠢᠨ ᠰᠠᠶᠢᠬᠠᠨ ᠪᠦᠬᠦᠨ ᠢ ᠬᠦᠰᠡᠨ ᠢᠷᠦᠭᠡᠵᠦ᠂ ᠬᠡᠦᠬᠡᠳ ᠦᠨ ᠮᠥᠩᠭᠥ ᠣᠯᠭᠤᠵᠤ ᠪᠤᠢ ᠨᠢ ᠨᠡᠶᠢᠭᠡᠮ ᠤᠨ ᠬᠠᠯᠠᠮᠵᠢ ᠪᠤᠰᠤ᠂ ᠬᠠᠷᠢᠨ ᠬᠦᠮᠦᠨ ᠠᠮᠠ ᠪᠠᠨ ᠥᠰᠬᠡᠬᠦ᠂ ᠡᠬᠡ ᠦᠷᠡᠰ ᠢᠶᠡᠨ ᠳᠡᠮᠵᠢᠬᠦ᠂ ᠬᠡᠦᠬᠡᠳ ᠦᠨ ᠬᠥᠭᠵᠢᠯ ᠳᠦ ᠣᠷᠣᠭᠤᠯᠵᠤ ᠪᠤᠢ ᠬᠥᠷᠥᠩᠭᠡ ᠣᠷᠣᠭᠤᠯᠤᠯᠲᠠ᠂ ᠲᠥᠷᠥ ᠶᠢᠨ ᠪᠣᠳᠣᠯᠭ᠎ᠠ ᠭᠡᠵᠦ ᠦᠵᠡᠳᠡᠭ ᠢᠶᠡᠨ ᠢᠯᠡᠷᠬᠡᠶᠢᠯᠡᠯ᠎ᠡ᠃

ᠰᠡᠳᠬᠢᠭᠳᠡᠯ ᠦᠯᠡᠳᠡᠭᠡᠬᠦ