ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠪᠦᠭᠦᠳᠡ ᠨᠠᠶᠢᠷᠠᠮᠳᠠᠬᠤ ᠺᠢᠷᠭᠢᠽᠲ᠋ᠠᠨ ᠤᠯᠤᠰ ᠤᠨ ᠭᠠᠳᠠᠭᠠᠳᠤ ᠬᠡᠷᠡᠭ ᠦᠨ ᠰᠠᠶᠢᠳ ᠺᠤᠯᠤᠪᠠᠶᠧ ᠢ ᠬᠦᠯᠢᠶᠡᠨ ᠠᠪᠴᠤ ᠠᠭᠤᠯᠵᠠᠭᠠᠳ᠂ ᠬᠣᠶᠠᠷ ᠤᠯᠤᠰ ᠤᠨ ᠬᠣᠭᠣᠷᠣᠨᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠭᠠᠷᠭᠠᠬᠤ ᠪᠦᠷᠢᠨ ᠪᠣᠯᠤᠮᠵᠢ ᠪᠠᠶᠢᠭ᠎ᠠ ᠶᠢ ᠲᠡᠮᠳᠡᠭᠯᠡᠪᠡ᠃
ᠤᠳᠠᠬᠤ ᠦᠭᠡᠢ ᠮᠣᠩᠭᠣᠯ ᠤᠯᠤᠰ ᠲᠤ ᠠᠶᠢᠯᠴᠢᠯᠠᠬᠤ ᠶᠡᠷᠦᠩᠬᠡᠶᠢᠯᠡᠭᠴᠢ ᠵᠠᠫᠠᠷᠤᠸ᠋ ᠤᠨ ᠠᠶᠢᠯᠴᠢᠯᠠᠯ ᠬᠣᠶᠠᠷ ᠣᠷᠣᠨ ᠤ ᠤᠯᠤᠰ ᠲᠥᠷᠥ ᠶᠢᠨ ᠶᠠᠷᠢᠶ᠎ᠠ ᠬᠡᠯᠡᠯᠴᠡᠭᠡ ᠶᠢ ᠡᠷᠴᠢᠮᠵᠢᠭᠦᠯᠵᠦ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠦ ᠴᠢᠬᠤᠯᠠ ᠲᠦᠯᠬᠢᠴᠡ ᠦᠵᠡᠭᠦᠯᠦᠨ᠎ᠡ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠬᠡᠯᠡᠪᠡ᠃
ᠪᠦᠭᠦᠳᠡ ᠨᠠᠶᠢᠷᠠᠮᠳᠠᠬᠤ ᠺᠢᠷᠭᠢᠽᠲ᠋ᠠᠨ ᠤᠯᠤᠰ ᠬᠤᠳᠠᠯᠳᠤᠭ᠎ᠠ᠂ ᠡᠳ᠋ ᠦᠨ ᠵᠠᠰᠠᠭ᠂ ᠪᠠᠲᠤᠯᠠᠨ ᠬᠠᠮᠠᠭᠠᠯᠠᠬᠤ᠂ ᠡᠩᠬᠡ ᠶᠢ ᠰᠠᠬᠢᠭᠤᠯᠬᠤ᠂ ᠠᠶᠤᠯᠭᠦᠢ ᠪᠠᠶᠢᠳᠠᠯ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢᠯᠡᠯ᠂ ᠲᠡᠭᠡᠭᠡᠪᠦᠷᠢ ᠯᠤᠭᠢᠰᠲ᠋ᠢᠺ᠂ ᠰᠤᠶᠤᠯ᠂ ᠪᠣᠯᠪᠠᠰᠤᠷᠠᠯ ᠵᠡᠷᠭᠡ ᠰᠠᠯᠪᠤᠷᠢ ᠳᠤ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠠᠶᠢᠭ᠎ᠠ ᠶᠢ ᠭᠠᠳᠠᠭᠠᠳᠤ ᠬᠡᠷᠡᠭ ᠦᠨ ᠰᠠᠶᠢᠳ ᠺᠤᠯᠤᠪᠠᠶᠧ ᠢᠯᠡᠷᠬᠡᠶᠢᠯᠡᠪᠡ᠃