ᠪ ∙ ᠪᠠᠲᠤᠴᠡᠴᠡᠭ᠄ ᠺᠢᠷᠭᠢᠽᠲ᠋ᠠᠨ ᠤᠯᠤᠰ ᠮᠣᠩᠭᠣᠯ ᠳᠤ ᠡᠯᠴᠢᠨ ᠰᠠᠶᠢᠳ ᠤᠨ ᠶᠠᠮᠤᠨ ᠢᠶᠠᠨ ᠨᠡᠭᠡᠭᠡᠨ᠎ᠡ | News.MN

ᠪ ∙ ᠪᠠᠲᠤᠴᠡᠴᠡᠭ᠄ ᠺᠢᠷᠭᠢᠽᠲ᠋ᠠᠨ ᠤᠯᠤᠰ ᠮᠣᠩᠭᠣᠯ ᠳᠤ ᠡᠯᠴᠢᠨ ᠰᠠᠶᠢᠳ ᠤᠨ ᠶᠠᠮᠤᠨ ᠢᠶᠠᠨ ᠨᠡᠭᠡᠭᠡᠨ᠎ᠡ

ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠭᠠᠳᠠᠭᠠᠳᠤ ᠬᠡᠷᠡᠭ ᠦᠨ ᠰᠠᠶᠢᠳ ᠺᠤᠯᠤᠪᠠᠶᠧ ᠲᠠᠢ ᠥᠨᠥᠳᠥᠷ ᠠᠯᠪᠠᠨ ᠶᠣᠰᠣᠨ ᠤ ᠬᠡᠯᠡᠯᠴᠡᠭᠡ ᠬᠢᠭᠰᠡᠨ ᠦ ᠳᠠᠷᠠᠭ᠎ᠠ ᠰᠡᠳᠬᠦᠯᠴᠢᠳ ᠲᠦ ᠮᠡᠳᠡᠭᠡᠯᠡᠯ ᠬᠢᠭᠰᠡᠨ ᠶᠤᠮ᠃
ᠲᠡᠷᠡᠪᠡᠷ᠄ ᠪᠦᠭᠦᠳᠡ ᠨᠠᠶᠢᠷᠠᠮᠳᠠᠬᠤ ᠺᠢᠷᠭᠢᠽᠲ᠋ᠠᠨ ᠤᠯᠤᠰ ᠤᠨ ᠭᠠᠳᠠᠭᠠᠳᠤ ᠬᠡᠷᠡᠭ ᠦᠨ ᠰᠠᠶᠢᠳ ᠺᠤᠯᠤᠪᠠᠶᠧ ᠡᠨᠡ ᠰᠠᠷ᠎ᠠ ᠶᠢᠨ 29-30  ᠤ ᠡᠳᠦᠷ  ᠮᠠᠨ ᠤ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ ᠪᠠᠶᠢᠨ᠎ᠠ᠃ ᠲᠡᠭᠦᠨ ᠦ ᠬᠠᠮᠲᠤ ᠲᠤᠰ ᠤᠯᠤᠰ ᠤᠨ ᠬᠥᠳᠡᠭᠡ ᠠᠵᠤ ᠠᠬᠤᠢ ᠶᠢᠨ ᠰᠠᠶᠢᠳ᠂ ᠡᠳ᠋  ᠦᠨ ᠵᠠᠰᠠᠭ᠂ ᠬᠤᠳᠠᠯᠳᠤᠭᠠᠨ ᠤ ᠶᠠᠮᠤᠨ ᠤ ᠳᠡᠳ᠋ ᠰᠠᠶᠢᠳ᠂ ᠲᠠᠲᠠᠪᠤᠷᠢ ᠶᠢᠨ ᠶᠡᠷᠦᠩᠬᠡᠢ ᠭᠠᠵᠠᠷ ᠤᠨ ᠳᠠᠷᠤᠭ᠎ᠠ ᠵᠡᠷᠭᠡ  ᠬᠦᠮᠦᠰ ᠢᠷᠡᠵᠦ᠂ ᠮᠠᠨ ᠤ ᠬᠤᠯᠪᠤᠭᠳᠠᠬᠤ ᠶᠠᠮᠤᠨ ᠰᠠᠯᠪᠤᠷᠢ ᠨᠤᠭᠤᠳ ᠲᠠᠢ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠬᠠᠷᠢᠯᠴᠠᠨ ᠰᠠᠨᠠᠯ ᠰᠣᠯᠢᠯᠴᠠᠬᠤ ᠪᠠᠷ ᠲᠥᠯᠥᠪᠯᠡᠭᠰᠡᠨ᠃
ᠮᠦᠨ ᠪᠦᠭᠦᠳᠡ ᠨᠠᠶᠢᠷᠠᠮᠳᠠᠬᠤ ᠺᠢᠷᠭᠢᠽᠲ᠋ᠠᠨ ᠤᠯᠤᠰ ᠤᠨ ᠶᠡᠷᠦᠩᠬᠡᠶᠢᠯᠡᠭᠴᠢ ᠵᠠᠫᠠᠷᠤᠸ᠋  ᠤᠨ ᠳᠤᠯᠤᠳᠤᠭᠠᠷ ᠰᠠᠷ᠎ᠠ ᠳᠤ ᠬᠢᠬᠦ ᠠᠶᠢᠯᠴᠢᠯᠠᠯ ᠤᠨ ᠪᠡᠯᠡᠳᠬᠡᠯ ᠠᠵᠢᠯ ᠪᠣᠯᠤᠨ ᠬᠠᠮᠲᠤ ᠶᠢᠨ ᠠᠵᠢᠯᠯᠠᠭᠠᠨ ᠤ ᠣᠯᠠᠨ ᠠᠰᠠᠭᠤᠳᠠᠯ ᠤᠳ ᠢᠶᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠭᠰᠠᠨ᠃ ᠶᠡᠷᠦᠩᠬᠡᠶᠢᠯᠡᠭᠴᠢ ᠵᠠᠫᠠᠷᠤᠸ᠋  ᠤᠨ ᠠᠶᠢᠯᠴᠢᠯᠠᠯ ᠤᠨ ᠦᠶ᠎ᠡ ᠪᠡᠷ ᠮᠣᠩᠭᠣᠯ ᠤᠯᠤᠰ ᠲᠤ ᠺᠢᠷᠭᠢᠽᠲ᠋ᠠᠨ ᠤᠯᠤᠰ ᠡᠯᠴᠢᠨ ᠰᠠᠶᠢᠳ ᠤᠨ ᠶᠠᠮᠤᠨ ᠢᠶᠠᠨ ᠨᠡᠭᠡᠭᠡᠬᠦ ᠰᠢᠢᠳᠪᠦᠷᠢ ᠶᠢ ᠭᠠᠷᠭᠠᠭᠰᠠᠨ ᠪᠠᠶᠢᠨ᠎ᠠ᠃ ᠡᠮᠦᠨ᠎ᠡ ᠨᠢ ᠬᠣᠶᠠᠷ ᠤᠯᠤᠰ ᠤᠨ ᠬᠣᠭᠣᠷᠣᠨᠳᠣ ᠦᠢᠯᠡᠳᠳᠡᠭ ᠪᠠᠶᠢᠭᠰᠠᠨ ᠰᠢᠭᠤᠳ ᠨᠢᠰᠦᠯᠭᠡ ᠶᠢ ᠰᠡᠷᠭᠦᠭᠡᠬᠦ᠂ ᠵᠠᠷᠢᠮ ᠨᠢᠭᠡ ᠲᠧᠭᠨᠢᠭ ᠦᠨ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠡᠷ ᠶᠠᠷᠢᠯᠴᠠᠯ᠎ᠠ ᠭᠡᠪᠡ᠃

ᠰᠡᠳᠬᠢᠭᠳᠡᠯ ᠦᠯᠡᠳᠡᠭᠡᠬᠦ