ᠪᠠᠨ ᠭᠢ ᠮᠤᠨ ᠠᠶᠢᠯᠴᠢᠯᠠᠨ᠎ᠠ | News.MN

ᠪᠠᠨ ᠭᠢ ᠮᠤᠨ ᠠᠶᠢᠯᠴᠢᠯᠠᠨ᠎ᠠ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠨᠠᠢ᠌ᠮᠠᠳᠠᠬᠢ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠨ ᠭᠢ ᠮᠤᠨ ᠢᠷᠡᠬᠦ ᠳᠠᠸᠠ ᠭᠠᠷᠠᠭ ᠲᠤ ᠮᠠᠨ ᠤ ᠤᠯᠤᠰ ᠲᠤ ᠠᠢᠯᠴᠢᠯᠠᠵᠤ᠂ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠢ ᠬᠠᠮᠤᠷᠤᠨ ᠵᠢᠯ ᠪᠦᠷᠢ ᠵᠣᠬᠢᠶᠠᠨ ᠪᠠᠶᠢᠭᠤᠯᠳᠠᠭ 《ᠠᠯᠲᠠᠢ ᠳᠠᠮᠨᠠᠭᠰᠠᠨ ᠲᠣᠭᠲᠠᠪᠤᠷᠢᠲᠠᠢ ᠪᠠᠶᠢᠳᠠᠯ ᠤᠨ ᠶᠠᠷᠢᠶ᠎ᠠ ᠬᠡᠯᠡᠯᠴᠡᠭᠡ᠂ ᠵᠧᠨᠳᠧᠷ ᠦᠨ ᠡᠷᠬᠡ ᠲᠡᠭᠰᠢ ᠪᠠᠶᠢᠳᠠᠯ ᠪᠠ ᠲᠣᠭᠲᠠᠪᠤᠷᠢᠲᠠᠢ ᠬᠥᠭᠵᠢᠯ》ᠴᠢᠭᠤᠯᠭ᠎ᠠ ᠠᠭᠤᠯᠵᠠᠯᠲᠠ ᠳᠤ ᠤᠷᠤᠯᠴᠠᠬᠤ ᠶᠤᠮ᠃
ᠲᠡᠷᠡ 2006 ᠣᠨ ᠳᠤ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠭᠠᠳᠠᠭᠠᠳᠤ ᠬᠡᠷᠡᠭ ᠦᠨ ᠰᠠᠶᠢᠳ ᠢᠶᠠᠷ ᠠᠵᠢᠯᠯᠠᠵᠤ ᠪᠠᠶᠢᠬᠤ ᠳᠤ ᠪᠠᠨ ᠮᠠᠨ ᠤ ᠤᠯᠤᠰ ᠲᠤ ᠠᠶᠢᠯᠴᠢᠯᠠᠵᠤ ᠪᠠᠶᠢᠪᠠ᠃ ᠲᠡᠭᠦᠨ ᠡᠴᠡ ᠬᠣᠶᠢᠰᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠶᠢᠨ ᠠᠯᠪᠠ ᠶᠢ ᠬᠠᠰᠢᠵᠤ ᠪᠠᠶᠢᠬᠤ ᠳᠤ ᠪᠠᠨ ᠪᠤᠶᠤ 2009᠂ 2019 ᠣᠨ ᠳᠤ ᠮᠠᠨ ᠤ ᠤᠯᠤᠰ ᠲᠤ ᠪᠠᠰᠠ ᠠᠶᠢᠯᠴᠢᠯᠠᠵᠤ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ