ᠮᠣᠩᠭᠣᠯ᠂ ᠣᠷᠣᠰ᠂ ᠬᠢᠲᠠᠳ ᠦᠨ ᠬᠠᠮᠲᠤ ᠶᠢᠨ ᠠᠵᠢᠯᠯᠠᠭᠠᠨ ᠤ 50 ᠭᠠᠷᠤᠢ ᠰᠠᠨᠠᠮᠵᠢ ᠪᠢᠴᠢᠭ ᠪᠠᠶᠢᠭᠤᠯᠪᠠ | News.MN

ᠮᠣᠩᠭᠣᠯ᠂ ᠣᠷᠣᠰ᠂ ᠬᠢᠲᠠᠳ ᠦᠨ ᠬᠠᠮᠲᠤ ᠶᠢᠨ ᠠᠵᠢᠯᠯᠠᠭᠠᠨ ᠤ 50 ᠭᠠᠷᠤᠢ ᠰᠠᠨᠠᠮᠵᠢ ᠪᠢᠴᠢᠭ ᠪᠠᠶᠢᠭᠤᠯᠪᠠ

ᠮᠣᠩᠭᠣᠯ ᠤᠯᠤᠰ᠂ ᠣᠷᠣᠰ᠂ ᠬᠢᠲᠠᠳ ᠤᠨ ᠬᠤᠳᠠᠯᠳᠤᠭ᠎ᠠ᠂ ᠠᠵᠤ ᠦᠢᠯᠡᠳᠪᠦᠷᠢ ᠶᠢᠨ ᠲᠠᠩᠬᠢᠮ ᠤᠳ ᠤᠨ 16 ᠳ᠋ᠠᠬᠢ ᠤᠳᠠᠭ᠎ᠠ ᠶᠢᠨ ᠬᠤᠳᠠᠯᠳᠤᠭ᠎ᠠ᠂ ᠡᠳ᠋  ᠦᠨ ᠵᠠᠰᠠᠭ ᠤᠨ ᠨᠢᠭᠡᠳᠦᠭᠰᠡᠨ ᠴᠢᠭᠤᠯᠭᠠᠨ ᠤᠯᠠᠭᠠᠨᠪᠠᠭᠠᠲᠤᠷ ᠬᠤᠲᠠ ᠳᠤ ᠪᠣᠯᠵᠤ᠂ ᠣᠷᠣᠯᠴᠠᠭᠴᠢ ᠲᠠᠯ᠎ᠠ ᠨᠤᠭᠤᠳ ᠬᠠᠮᠲᠤ ᠶᠢᠨ ᠠᠵᠢᠯᠯᠠᠭᠠᠨ ᠤ 50 ᠭᠠᠷᠤᠢ ᠰᠠᠨᠠᠮᠵᠢ ᠪᠢᠴᠢᠭ ᠪᠠᠶᠢᠭᠤᠯᠤᠭᠰᠠᠨ ᠢᠶᠠᠷ ᠥᠨᠳᠥᠷᠯᠡᠪᠡ᠃ ᠰᠠᠨᠠᠮᠵᠢ ᠪᠢᠴᠢᠭ ᠦᠳ ᠲᠦ᠄
•ᠮᠣᠩᠭᠣᠯ ᠤᠯᠤᠰ ᠠᠴᠠ ᠣᠷᠣᠰ᠂ ᠬᠢᠲᠠᠳ ᠦᠨ ᠵᠠᠬ᠎ᠠ ᠵᠡᠭᠡᠯᠢ ᠳᠦ ᠮᠢᠬ᠎ᠠ᠂ ᠮᠢᠬᠠᠨ ᠪᠦᠲᠦᠭᠡᠭᠳᠡᠬᠦᠨ᠂ ᠰᠦ᠂ ᠰᠦᠨ ᠪᠦᠲᠦᠭᠡᠭᠳᠡᠬᠦᠨ ᠭᠠᠷᠭᠠᠬᠤ᠂ ᠭᠤᠷᠪᠠᠳᠠᠭᠴᠢ ᠣᠷᠣᠨ ᠳᠤ ᠡᠺᠰᠫᠣᠷᠲᠯᠠᠬᠤ ᠳᠤ ᠳᠡᠭᠡᠷᠡᠬᠢ ᠬᠣᠶᠠᠷ ᠣᠷᠣᠨ ᠤ ᠨᠤᠲᠤᠭ ᠳᠡᠪᠢᠰᠬᠡᠷ ᠢᠶᠡᠷ ᠳᠠᠮᠵᠢᠨ ᠥᠩᠭᠡᠷᠡᠬᠦ ᠦᠶ᠎ᠡ ᠶᠢᠨ ᠬᠢᠨᠠᠯᠲᠠ᠂ ᠰᠢᠯᠭᠠᠯᠲᠠ᠂ ᠬᠣᠷᠢᠭ᠎ᠠ ᠴᠡᠭᠡᠷ ᠦᠨ ᠱᠠᠭᠠᠷᠳᠠᠯᠭ᠎ᠠ ᠶᠢ ᠰᠢᠢᠳᠪᠦᠷᠢᠯᠡᠭᠦᠯᠬᠦ ᠳᠦ ᠳᠡᠮᠵᠢᠯᠭᠡ ᠦᠵᠡᠭᠦᠯᠬᠦ᠂
•ᠭᠤᠷᠪᠠᠨ ᠤᠯᠤᠰ ᠤᠨ ᠬᠤᠳᠠᠯᠳᠤᠭᠠᠨ ᠳ᠋ᠠᠬᠢ ᠲᠠᠷᠢᠪ ᠤᠨ ᠪᠣᠯᠤᠨ ᠲᠠᠷᠢᠪ ᠤᠨ ᠪᠤᠰᠤ ᠰᠠᠭᠠᠳ ᠲᠣᠳᠬᠠᠷ᠂ ᠬᠢᠵᠠᠭᠠᠷᠯᠠᠯᠲᠠ ᠶᠢ ᠪᠠᠭᠠᠰᠬᠠᠬᠤ᠂ ᠬᠤᠳᠠᠯᠳᠤᠭ᠎ᠠ ᠶᠢ ᠬᠥᠩᠭᠡᠪᠴᠢᠯᠡᠵᠦ᠂ ᠴᠢᠯᠦᠭᠡᠲᠡᠢ ᠪᠣᠯᠭᠠᠬᠤ᠂
•ᠲᠠᠩᠬᠢᠮ ᠤᠳ ᠪᠦᠲᠦᠭᠡᠨ ᠪᠠᠶᠢᠭᠤᠯᠤᠯᠲᠠ ᠶᠢᠨ ᠲᠣᠮᠣᠬᠠᠨ ᠲᠥᠰᠥᠯ ᠦᠳ ᠦᠨ ᠬᠠᠮᠲᠤᠷᠠᠭᠰᠠᠨ ᠬᠥᠷᠥᠩᠭᠡ ᠣᠷᠣᠭᠤᠯᠤᠯᠲᠠ ᠶᠢ ᠳᠡᠮᠵᠢᠨ ᠠᠵᠢᠯᠯᠠᠬᠤ ᠂
•ᠪᠢᠽᠢᠨᠧᠰ ᠦᠨ ᠦᠢᠯᠡ ᠠᠵᠢᠯᠯᠠᠭᠠᠨ ᠳᠤ ᠨᠡᠩ ᠴᠢᠬᠤᠯᠠ ᠠᠷᠪᠢᠲ᠋ᠧᠷ ᠤᠨ ᠰᠢᠢᠳᠪᠦᠷᠢ ᠶᠢ ᠲᠠᠯ᠎ᠠ ᠨᠤᠭᠤᠳ ᠬᠠᠷᠢᠯᠴᠠᠨ ᠬᠦᠯᠢᠶᠡᠨ ᠠᠪᠴᠤ᠂ ᠵᠦᠪᠰᠢᠶᠡᠷᠡᠵᠦ ᠬᠡᠷᠡᠭᠵᠢᠭᠦᠯᠬᠦ᠂ ᠭᠤᠷᠪᠠᠨ ᠣᠷᠣᠨ ᠤ ᠠᠷᠪᠢᠲᠷᠴᠢᠳ ᠢ ᠠᠷᠪᠢᠲᠷᠴᠢ ᠶᠢᠨ ᠵᠢᠭᠰᠠᠭᠠᠯᠲᠠ ᠳᠤ ᠪᠠᠭᠲᠠᠭᠠᠨ ᠲᠡᠩᠴᠡᠪᠦᠷᠢᠲᠡᠢ ᠰᠣᠯᠢᠯᠴᠠᠵᠤ ᠪᠠᠶᠢᠬᠤ᠂
•ᠭᠤᠷᠪᠠᠨ ᠤᠯᠤᠰ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠨᠤᠭᠤᠳ ᠤᠨ ᠪᠢᠽᠢᠨᠧᠰ  ᠦᠨ ᠬᠣᠷᠢᠶ᠎ᠠ ᠪᠠᠶᠢᠭᠤᠯᠬᠤ᠂
• ᠭᠤᠷᠪᠠᠨ ᠤᠯᠤᠰ ᠤᠨ ᠮᠡᠳᠡᠭᠡᠯᠡᠯ ᠦᠨ ᠨᠢᠭᠡᠳᠦᠭᠰᠡᠨ ᠲᠠᠯᠠᠪᠤᠷ ᠫᠯᠠᠲ᠋ᠹᠣᠷᠮ ᠪᠠᠶᠢᠭᠤᠯᠬᠤ ᠲᠠᠯ᠎ᠠ ᠪᠠᠷ ᠲᠤᠰᠬᠠᠵᠠᠢ᠃

ᠰᠡᠳᠬᠢᠭᠳᠡᠯ ᠦᠯᠡᠳᠡᠭᠡᠬᠦ