ᠭᠧᠷᠮᠡᠨ ᠤ ᠳᠡᠮᠵᠢᠯᠭᠡ ᠪᠡᠷ ᠡᠷᠢᠶᠡᠨ ᠨᠠᠭᠤᠷ ᠢ ᠰᠡᠷᠭᠦᠭᠡᠨ᠎ᠡ | News.MN

ᠭᠧᠷᠮᠡᠨ ᠤ ᠳᠡᠮᠵᠢᠯᠭᠡ ᠪᠡᠷ ᠡᠷᠢᠶᠡᠨ ᠨᠠᠭᠤᠷ ᠢ ᠰᠡᠷᠭᠦᠭᠡᠨ᠎ᠡ

ᠪᠢᠣᠯᠣᠭᠢ ᠶᠢᠨ ᠣᠯᠠᠨ ᠶᠠᠩᠵᠤ ᠪᠠᠶᠢᠳᠠᠯ ᠢ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠳᠦ ᠳᠠᠰᠤᠨ ᠵᠣᠬᠢᠴᠠᠬᠤ ᠲᠥᠰᠥᠯ ᠦᠨ ᠶᠠᠪᠤᠴᠠ ᠶᠢᠨ ᠦᠨᠡᠯᠡᠭᠡᠨ ᠦ ᠪᠠᠭ ᠭᠣᠪᠢ-ᠠᠯᠲᠠᠢ ᠠᠶᠢᠮᠠᠭ ᠲᠤ ᠠᠵᠢᠯᠯᠠᠯ᠎ᠠ᠃ ᠲᠡᠳᠡ ᠪᠠᠶᠠᠨ-ᠥᠯᠥᠭᠡᠢ᠂ ᠬᠣᠪᠳᠣ᠂ ᠭᠣᠪᠢ-ᠠᠯᠲᠠᠢ ᠠᠶᠢᠮᠠᠭ᠂ ᠮᠣᠩᠭᠣᠯ ᠠᠯᠲᠠᠢ ᠶᠢᠨ ᠨᠢᠷᠤᠭᠤᠨ ᠤ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ᠂ ᠬᠥᠬᠡ ᠰᠡᠷᠬᠡ ᠶᠢᠨ ᠳᠠᠷᠬᠠᠨ ᠴᠠᠭᠠᠵᠠᠲᠤ ᠭᠠᠵᠠᠷ᠂ ᠬᠠᠷ᠎ᠠ ᠤᠰᠤ ᠨᠠᠭᠤᠷ ᠤᠨ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ᠂ ᠭᠣᠪᠢ ᠶᠢᠨ ᠶᠡᠬᠡ ᠳᠠᠷᠬᠠᠨ ᠴᠠᠭᠠᠵᠠᠲᠤ ᠭᠠᠵᠠᠷ ᠤᠨ《ᠪ》ᠬᠡᠰᠡᠭ ᠦᠨ ᠬᠠᠮᠠᠭᠠᠯᠠᠯᠲᠠ ᠶᠢᠨ ᠵᠠᠬᠢᠷᠭᠠᠨ ᠤ ᠲᠥᠯᠥᠭᠡᠯᠡᠯ ᠦᠳ ᠲᠡᠢ ᠠᠭᠤᠯᠵᠠᠵᠤ ᠲᠥᠰᠥᠯ ᠦᠨ ᠬᠥᠷᠥᠩᠭᠡ ᠣᠷᠣᠭᠤᠯᠤᠯᠲᠠ᠂ ᠲᠡᠳᠡᠭᠡᠷ ᠦᠨ ᠠᠰᠢᠭᠯᠠᠯᠲᠠ᠂ ᠡᠵᠡᠮᠰᠢᠯ᠂ ᠲᠣᠭᠲᠠᠪᠤᠷᠢᠲᠠᠢ ᠪᠠᠶᠢᠳᠠᠯ ᠳᠤ ᠦᠨᠡᠯᠡᠭᠡ ᠬᠢᠵᠦ᠂ ᠦᠷ᠎ᠡ ᠳ᠋ᠦᠩ ᠲᠡᠢ ᠨᠢ ᠲᠠᠨᠢᠯᠴᠠᠭᠰᠠᠨ ᠶᠤᠮ᠃
ᠡᠭᠦᠨ ᠳᠦ ᠲᠥᠰᠥᠯ ᠦᠨ ᠪᠠᠭ ᠤᠨ ᠬᠢᠨ ᠡᠬᠢᠨ ᠦ ᠡᠭᠡᠯᠵᠢ ᠳᠦ ᠵᠢᠷᠭᠠᠯᠠᠩ ᠰᠤᠮᠤ ᠶᠢᠨ 《ᠡᠷᠢᠶᠡᠨ ᠨᠠᠭᠤᠷ ᠢ ᠰᠡᠷᠭᠦᠭᠡᠬᠦ》 ᠠᠵᠢᠯ ᠢ ᠳᠡᠮᠵᠢᠨ ᠵᠢᠷᠤᠭ ᠲᠥᠰᠥᠪ ᠦᠨ ᠳᠠᠭᠠᠤ ᠪᠠᠷᠢᠯᠭ᠎ᠠ ᠤᠭᠰᠠᠷᠠᠯᠲᠠ ᠶᠢᠨ ᠠᠵᠢᠯ᠂ ᠨᠠᠭᠤᠷ ᠤᠨ ᠢᠷᠤᠭᠠᠷ ᠤᠨ ᠬᠤᠷᠠᠳᠠᠰᠤ᠂ ᠤᠷᠭᠤᠮᠠᠯ ᠵᠠᠶᠢᠯᠠᠭᠤᠯᠬᠤ ᠴᠡᠪᠡᠷᠯᠡᠭᠡ᠂ ᠡᠷᠢᠶᠡᠨ ᠨᠠᠭᠤᠷ ᠤᠨ ᠪᠠᠢᠭᠠᠯᠢ ᠶᠢᠨ ᠥᠪᠡᠷᠮᠢᠴᠡ ᠲᠣᠭᠲᠠᠴᠠ ᠶᠢ ᠰᠡᠷᠭᠦᠭᠡᠬᠦ᠂ ᠣᠷᠴᠢᠨ ᠤ ᠲᠣᠬᠢᠵᠢᠯᠲᠠ ᠶᠢ ᠬᠢᠵᠦ᠂ ᠨᠠᠭᠤᠷ ᠢ ᠲᠦᠰᠢᠭᠯᠡᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠡᠷᠭᠡ ᠠᠵᠢᠯ ᠤᠳ ᠤᠨ ᠲᠥᠰᠥᠪ ᠢ ᠡᠨᠡ ᠣᠨ ᠳᠤ ᠰᠢᠢᠳᠪᠦᠷᠢᠯᠡᠬᠦ ᠪᠡᠷ ᠪᠣᠯᠤᠭᠰᠠᠨ ᠲᠤᠬᠠᠢ ᠬᠤᠯᠪᠤᠭᠳᠠᠬᠤ ᠠᠯᠪᠠᠨ ᠠᠴᠠ ᠲᠠᠨᠢᠯᠴᠠᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ