ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ《ᠠᠯᠲᠠᠢ ᠳᠠᠮᠨᠠᠭᠰᠠᠨ ᠲᠣᠭᠲᠠᠪᠤᠷᠢᠲᠠᠢ ᠪᠠᠶᠢᠳᠠᠯ ᠤᠨ ᠶᠠᠷᠢᠶ᠎ᠠ ᠬᠡᠯᠡᠯᠴᠡᠭᠡ ᠵᠧᠨᠳᠡᠷ ᠦᠨ ᠡᠷᠬᠡ ᠲᠡᠭᠰᠢ ᠪᠠᠶᠢᠳᠠᠯ ᠪᠠ ᠲᠣᠭᠲᠠᠪᠤᠷᠢᠲᠠᠢ ᠬᠥᠭᠵᠢᠯ》ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠬᠦᠷᠦᠯᠴᠡᠨ ᠢᠷᠡᠭᠰᠡᠨ ᠰᠲ᠋ᠠᠨᠹᠤᠷᠳ᠋ ᠤᠨ ᠶᠡᠬᠡ ᠰᠤᠷᠭᠠᠭᠤᠯᠢ ᠶᠢᠨ ᠠᠽᠢᠶ᠎ᠠ᠂ ᠨᠣᠮᠣᠬᠠᠨ ᠳᠠᠯᠠᠢ ᠶᠢᠨ ᠰᠤᠳᠤᠯᠭᠠᠨ ᠤ ᠲᠥᠪ ᠦᠨ ᠵᠠᠬᠢᠷᠤᠯ ᠵᠢᠢ ᠸᠦᠺ ᠰᠢᠨ ᠢ ᠬᠦᠯᠢᠶᠡᠨ ᠠᠪᠴᠤ ᠠᠭᠤᠯᠵᠠᠯ᠎ᠠ᠃
ᠭ ∙ ᠽᠠᠨᠳᠠᠨᠰᠢᠲᠠᠷ᠎ᠠ ᠠᠯᠲᠠᠢ ᠳᠠᠮᠨᠠᠭᠰᠠᠨ ᠲᠣᠭᠲᠠᠪᠤᠷᠢᠲᠠᠢ ᠪᠠᠶᠢᠳᠠᠯ ᠤᠨ ᠶᠠᠷᠢᠶ᠎ᠠ ᠬᠡᠯᠡᠯᠴᠡᠭᠡ ᠴᠢᠭᠤᠯᠭ᠎ᠠ ᠠᠭᠤᠯᠵᠠᠯᠲᠠ ᠶᠢ ᠬᠠᠮᠲᠤᠷᠠᠨ ᠵᠣᠬᠢᠶᠠᠨ ᠪᠠᠶᠢᠭᠤᠯᠵᠤ ᠪᠤᠢ ᠨᠢ ᠬᠠᠮᠲᠤ ᠶᠢᠨ ᠠᠵᠢᠯᠯᠠᠭᠠᠨ ᠤ ᠴᠠᠷ ᠬᠦᠷᠢᠶ᠎ᠡ ᠶᠢ ᠬᠠᠷᠠᠭᠤᠯᠵᠤ ᠪᠠᠶᠢᠭ᠎ᠠ ᠶᠢ ᠣᠨᠴᠠᠯᠠᠭᠠᠳ᠂ ᠴᠢᠭᠤᠯᠭ᠎ᠠ ᠠᠭᠤᠯᠵᠠᠯᠲᠠ ᠶᠢ ᠵᠣᠬᠢᠶᠠᠨ ᠪᠠᠶᠢᠭᠤᠯᠬᠤ ᠳᠤ ᠰᠲ᠋ᠠᠨᠹᠤᠷᠳ᠋ ᠤᠨ ᠶᠡᠬᠡ ᠰᠤᠷᠭᠠᠭᠤᠯᠢ ᠶᠢᠨ ᠠᠽᠢᠶ᠎ᠠ-ᠨᠣᠮᠣᠬᠠᠨ ᠳᠠᠯᠠᠢ ᠶᠢᠨ ᠰᠤᠳᠤᠯᠤᠯ ᠤᠨ ᠲᠥᠪ ᠪᠣᠯᠤᠨ 《ᠪᠠᠨ ᠭᠢ ᠮᠤᠨ》 ᠰᠠᠩ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠍ ᠤᠨ ᠡᠪᠠ ᠡᠮᠡᠭᠲᠡᠶᠢᠴᠦᠳ ᠦᠨ ᠶᠡᠬᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ ᠪᠠᠶᠢᠭ᠎ᠠ ᠨᠢ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠦᠢᠯᠡ ᠶᠠᠪᠤᠴᠠ ᠶᠢ ᠲᠦᠷᠭᠡᠰᠬᠡᠬᠦ ᠳᠦ ᠴᠢᠬᠤᠯᠠ ᠬᠤᠪᠢ ᠨᠡᠮᠡᠷᠢ ᠣᠷᠣᠭᠤᠯᠵᠤ ᠪᠠᠶᠢᠭ᠎ᠠ ᠶᠢ ᠲᠡᠮᠳᠡᠭᠯᠡᠪᠡ᠃
ᠵᠢᠢ ᠸᠦᠺ ᠰᠢᠨ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠶᠢᠨ ᠲᠥᠯᠥᠭᠡ ᠬᠠᠮᠲᠤᠷᠠᠨ ᠠᠵᠢᠯᠯᠠᠵᠤ ᠪᠠᠢᠭ᠎ᠠ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠲᠠᠯᠠᠷᠬᠠᠯ ᠢᠯᠡᠷᠬᠡᠶᠢᠯᠡᠵᠦ᠂ ᠡᠨᠡ ᠬᠦ ᠵᠤᠷᠢᠯᠲᠠ ᠳᠤ ᠬᠦᠷᠬᠦ ᠳᠦ ᠲᠦᠯᠬᠢᠴᠡ ᠪᠣᠯᠬᠤ ᠴᠢᠭᠤᠯᠭ᠎ᠠ ᠠᠭᠤᠯᠵᠠᠯᠲᠠ ᠶᠢ ᠮᠣᠩᠭᠣᠯ ᠤᠯᠤᠰ ᠲᠤ ᠵᠣᠬᠢᠶᠠᠨ ᠪᠠᠶᠢᠭᠤᠯᠬᠤ ᠳᠤ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠯ᠎ᠡ᠃ ᠮᠥᠨ ᠠᠯᠲᠠᠢ ᠰᠤᠳᠤᠯᠤᠯ ᠢ ᠳᠡᠮᠵᠢᠵᠦ᠂ ᠰᠤᠶᠤᠯ᠂ ᠲᠡᠦᠬᠡ ᠶᠢᠨ ᠬᠡᠯᠬᠢᠶ᠎ᠡ ᠬᠣᠯᠪᠣᠭ᠎ᠠ ᠲᠠᠢ ᠠᠷᠠᠳ ᠲᠦᠮᠡᠨ ᠨᠡᠶᠢᠲᠡᠯᠢᠭ ᠦᠨᠡᠲᠦ ᠵᠦᠢᠯ᠂ ᠠᠰᠢᠭ ᠰᠣᠨᠢᠷᠬᠠᠯ ᠤᠨ ᠢᠶᠠᠨ ᠳᠠᠭᠠᠤ ᠬᠠᠮᠲᠤ ᠶᠢᠨ ᠠᠵᠢᠯᠯᠠᠭ᠎ᠠ ᠪᠠᠨ ᠬᠥᠭᠵᠢᠭᠦᠯᠵᠦ᠂ ᠬᠠᠮᠲᠤ ᠳᠤ ᠪᠠᠨ ᠤᠷᠤᠭᠰᠢᠯᠠᠬᠤ ᠪᠣᠯᠤᠮᠵᠢ ᠶᠢ ᠪᠦᠷᠢᠳᠦᠭᠦᠯᠬᠦ ᠳᠦ《ᠠᠯᠲᠠᠢ ᠳᠠᠮᠨᠠᠭᠰᠠᠨ ᠲᠣᠭᠲᠠᠪᠤᠷᠢᠲᠠᠢ ᠪᠠᠶᠢᠳᠠᠯ ᠤᠨ ᠶᠠᠷᠢᠶ᠎ᠠ ᠬᠡᠯᠡᠯᠴᠡᠭᠡ – ᠵᠧᠨᠳᠡᠷ ᠦᠨ ᠡᠷᠬᠡ ᠲᠡᠭᠰᠢ ᠪᠠᠶᠢᠳᠠᠯ ᠪᠠ ᠲᠣᠭᠲᠠᠪᠤᠷᠢᠲᠠᠢ ᠬᠥᠭᠵᠢᠯ》ᠴᠢᠭᠤᠯᠭ᠎ᠠ ᠠᠭᠤᠯᠵᠠᠯᠲᠠ ᠴᠢᠬᠤᠯᠠ ᠠᠴᠢ ᠬᠣᠯᠪᠣᠭᠳᠠᠯ ᠲᠠᠢ ᠶᠤᠮ ᠬᠡᠮᠡᠨ ᠣᠨᠴᠠᠯᠠᠯ᠎ᠠ ᠭᠡᠵᠦ ᠤᠯᠤᠰ ᠤᠨ ᠶᠡᠬᠡ ᠬᠤᠷᠠᠯ ᠤᠨ ᠬᠡᠪᠯᠡᠯ᠂ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠠᠴᠠ ᠮᠡᠳᠡᠭᠡᠯᠡᠯ᠎ᠡ᠃