ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ︽ᠶᠡᠬᠡ ᠲᠩᠷᠢ︾ ᠳᠦ ᠲᠥᠪᠬᠢᠨᠡᠨ᠎ᠡ | News.MN

ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ︽ᠶᠡᠬᠡ ᠲᠩᠷᠢ︾ ᠳᠦ ᠲᠥᠪᠬᠢᠨᠡᠨ᠎ᠡ

ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ  ᠢ ᠶᠡᠬᠡ ᠲᠩᠷᠢ ᠤᠷᠤᠭᠤ ᠰᠢᠯᠵᠢᠭᠦᠯᠬᠦ ᠪᠡᠷ ᠪᠣᠯᠵᠠᠢ᠃ ᠬᠡᠵᠢᠶ᠎ᠡ ᠲᠡᠰᠢ ᠰᠢᠯᠵᠢᠭᠦᠯᠬᠦ ᠨᠢ ᠲᠣᠳᠣᠷᠬᠠᠢ ᠪᠤᠰᠤ ᠪᠠᠶᠢᠨ᠎ᠠ᠃ ᠲᠡᠨᠳᠡ ᠪᠠᠶᠢᠳᠠᠭ ᠬᠠᠭᠤᠴᠢᠨ ᠪᠠᠷᠢᠯᠭ᠎ᠠ ᠨᠤᠭᠤᠳ ᠲᠤ ᠵᠠᠰᠠᠪᠤᠷᠢ ᠬᠢᠵᠦ᠂ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠢ ᠪᠠᠶᠢᠷᠢᠰᠢᠭᠤᠯᠬᠤ  ᠶᠤᠮ ᠪᠠᠢᠨ᠎ᠠ᠃
2024 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠬᠣᠯᠢᠮᠠᠭ ᠲᠣᠭᠲᠠᠯᠴᠠᠭ᠎ᠠ ᠪᠠᠷ ᠵᠣᠬᠢᠶᠠᠨ ᠪᠠᠢᠭᠤᠯᠤᠭᠳᠠᠵᠤ᠂ ᠤᠯᠤᠰ ᠤᠨ ᠶᠡᠬᠡ ᠬᠤᠷᠠᠯ ᠳᠦ 126 ᠭᠡᠰᠢᠭᠦᠨ ᠰᠣᠩᠭᠣᠭᠳᠠᠨ᠎ᠠ᠃ ᠦᠭᠡᠷ᠎ᠡ ᠪᠡᠷ ᠬᠡᠯᠡᠪᠡᠯ ᠭᠡᠰᠢᠭᠦᠳ ᠦᠨ ᠲᠣᠭ᠎ᠠ ᠣᠳᠣ ᠶᠢᠨ ᠬᠢ ᠠᠴᠠ 50 ᠪᠡᠷ ᠨᠡᠮᠡᠭᠳᠡᠬᠦ ᠪᠣᠯᠵᠤ ᠪᠤᠢ ᠶᠤᠮ᠃ ᠡᠨᠡ ᠠᠰᠠᠭᠤᠳᠠᠯ ᠲᠠᠢ ᠬᠤᠯᠪᠤᠭ᠎ᠠ ᠲᠠᠢ ᠪᠠᠷ ᠤᠯᠤᠰ ᠤᠨ ᠶᠡᠬᠡ ᠬᠤᠷᠠᠯ  ᠤᠨ ᠠᠵᠢᠯ ᠤᠨ ᠬᠡᠰᠡᠭ ᠰᠢᠨ᠎ᠡ ᠫᠠᠷᠯᠠᠮᠧᠨᠲ ᠪᠠᠶᠢᠭᠤᠯᠤᠭᠳᠠᠬᠤ ᠳᠤ ᠲᠥᠷᠥ ᠶᠢᠨ ᠣᠷᠳᠣᠨ ᠳᠤ ᠪᠠᠨ ᠪᠠᠭᠲᠠᠯᠴᠠᠬᠤ ᠦᠭᠡᠢ ᠪᠠᠶᠢᠨ᠎ᠠ ᠭᠡᠬᠦ ᠠᠰᠠᠭᠤᠳᠠᠯ ᠭᠠᠷᠭᠠᠭᠤᠯᠬᠤ ᠦᠭᠡᠢ ᠪᠡᠷ ᠵᠢᠩ ᠲᠠᠩ ᠪᠣᠯᠭᠠᠬᠤ ᠡᠭᠦᠷᠭᠡ ᠬᠦᠯᠢᠶᠡᠵᠦ ᠪᠤᠢ ᠶᠤᠮ᠃

ᠰᠡᠳᠬᠢᠭᠳᠡᠯ ᠦᠯᠡᠳᠡᠭᠡᠬᠦ