ᠵᠠᠰᠠᠭ ᠤᠨ ᠭᠠᠵᠠᠷ ᠬᠤᠷᠠᠯᠳᠤᠵᠤ ᠪᠠᠢᠨ᠎ᠠ | News.MN

ᠵᠠᠰᠠᠭ ᠤᠨ ᠭᠠᠵᠠᠷ ᠬᠤᠷᠠᠯᠳᠤᠵᠤ ᠪᠠᠢᠨ᠎ᠠ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ︵06.14︶ ᠪᠣᠯᠤᠨ᠎ᠠ᠃ ᠥᠩᠭᠡᠷᠡᠭᠴᠢ ᠳᠣᠯᠣᠭ᠎ᠠ ᠬᠣᠨᠣᠭ ᠤᠨ ᠬᠤᠷᠠᠯᠳᠤᠭᠠᠨ ᠢᠶᠠᠷ ᠪᠣᠯᠪᠠᠰᠤᠷᠠᠯ ᠤᠨ ᠵᠢᠭᠡᠯᠡ ᠶᠢᠨ ᠰᠠᠩ ᠤᠨ ᠦᠢᠯᠡ ᠠᠵᠢᠯᠯᠠᠭ᠎ᠠ᠂ ᠰᠠᠩᠬᠦᠦᠵᠢᠯᠲᠡ ᠣᠯᠭᠣᠬᠤ ᠵᠢᠷᠤᠮ᠂ ᠬᠥᠷᠥᠩᠭᠡ ᠶᠢᠨ ᠵᠠᠷᠤᠴᠠᠭᠤᠯᠤᠯᠲᠠ ᠶᠢ ᠨᠡᠭᠡᠭᠡᠯᠲᠡ ᠲᠡᠢ᠂ ᠢᠯᠡ ᠲᠣᠳᠣ ᠪᠣᠯᠭᠠᠬᠤ ᠲᠠᠯ᠎ᠠ ᠪᠠᠷ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳ ∙ ᠠᠮᠤᠷᠪᠠᠶᠠᠰᠬᠤᠯᠠᠩ ᠮᠡᠳᠡᠭᠡᠯᠡᠯ ᠥᠭᠭᠦᠭᠰᠡᠨ ᠶᠤᠮ᠃ ᠮᠥᠨ 《ᠲᠠᠪᠤᠨᠲᠣᠯᠣᠭᠠᠢ ᠲᠡᠮᠦᠷ ᠵᠠᠮ》 ᠪᠣᠯᠤᠨ 《ᠲᠠᠪᠤᠨᠲᠣᠯᠣᠭᠠᠢ》 ᠺᠤᠮᠫᠠᠨᠢ ᠳᠦ ᠲᠣᠭᠲᠠᠭᠠᠭᠰᠠᠨ ᠣᠨᠴᠠᠭᠠᠢ ᠳᠢᠭᠯᠢᠮ ᠦᠨ ᠬᠤᠭᠤᠴᠠᠭ᠎ᠠ ᠶᠢ ᠳᠠᠭᠤᠰᠬᠠᠪᠤᠷᠢ ᠪᠣᠯᠭᠠᠭᠰᠠᠨ ᠲᠠᠯ᠎ᠠ ᠪᠠᠷ ᠮᠡᠳᠡᠭᠡᠯᠡᠭᠰᠡᠨ ᠪᠢᠯᠡ᠃
ᠥᠨᠥᠳᠥᠷ ᠦᠨ ᠬᠤᠷᠠᠯᠳᠤᠭᠠᠨ ᠢᠶᠠᠷ ᠮᠣᠩᠭᠣᠯ ᠤᠯᠤᠰ ᠤᠨ 2022 ᠣᠨ ᠤ ᠨᠢᠭᠡᠳᠦᠭᠰᠡᠨ ᠲᠥᠰᠥᠪ ᠦᠨ ᠭᠦᠢᠴᠡᠳᠬᠡᠯ᠂︽ᠳᠠᠷᠬᠠᠯᠠᠭᠠᠵᠢᠭᠤᠯᠤᠯᠲᠠ ᠶᠢᠨ ᠲᠤᠬᠠᠢ︾ ᠬᠠᠤᠯᠢ ᠶᠢᠨ ᠲᠥᠰᠥᠯ᠂ ᠭᠠᠰᠢᠭᠤᠨᠰᠤᠬᠠᠢᠲᠤ ᠭᠠᠭᠴᠠᠮᠤᠳᠤ ᠪᠣᠭᠣᠮᠲᠠ ᠶᠢᠨ ᠬᠢᠯᠢ ᠬᠣᠯᠪᠣᠯᠲᠠ ᠶᠢᠨ ᠲᠡᠮᠦᠷ ᠵᠠᠮ ᠤᠨ ᠲᠠᠯ᠎ᠠ ᠪᠠᠷ᠂ ᠪᠣᠯᠪᠠᠰᠤᠷᠠᠯ ᠤᠨ ᠵᠢᠭᠡᠯᠡ ᠶᠢᠨ ᠰᠠᠩ ᠤᠨ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ ᠵᠠᠰᠠᠭ ᠤᠨ ᠭᠠᠵᠠᠷ ᠤᠨ ᠲᠣᠭᠲᠠᠭᠠᠯ ᠤᠨ ᠲᠥᠰᠥᠯ ᠵᠡᠷᠭᠡ 23 ᠠᠰᠠᠭᠤᠳᠠᠯ ᠢᠶᠠᠷ ᠲᠠᠨᠢᠯᠴᠠᠬᠤ ᠪᠣᠯᠤᠨ ᠬᠡᠯᠡᠯᠴᠡᠬᠦ  ᠶᠤᠮ᠃

 

ᠰᠡᠳᠬᠢᠭᠳᠡᠯ ᠦᠯᠡᠳᠡᠭᠡᠬᠦ