34 432 ᠰᠤᠷᠤᠭᠴᠢ ᠡᠯᠰᠡᠯᠲᠡ ᠶᠢᠨ ᠶᠡᠷᠦᠩᠬᠡᠢ ᠰᠢᠯᠭᠠᠯᠲᠠ ᠥᠭᠴᠦ ᠪᠠᠶᠢᠨ᠎ᠠ | News.MN

34 432 ᠰᠤᠷᠤᠭᠴᠢ ᠡᠯᠰᠡᠯᠲᠡ ᠶᠢᠨ ᠶᠡᠷᠦᠩᠬᠡᠢ ᠰᠢᠯᠭᠠᠯᠲᠠ ᠥᠭᠴᠦ ᠪᠠᠶᠢᠨ᠎ᠠ

ᠪᠣᠯᠪᠠᠰᠤᠷᠠᠯ ᠤᠨ ᠦᠨᠡᠯᠡᠭᠡᠨ ᠦ ᠲᠥᠪ ᠦᠨ ᠵᠠᠬᠢᠷᠤᠯ ᠯ∙ᠭᠠᠩᠪᠠᠲᠤ᠄ ᠡᠨᠡ ᠵᠢᠯ ᠦᠨ ᠡᠯᠰᠡᠯᠲᠡ ᠶᠢᠨ ᠶᠡᠷᠦᠩᠬᠡᠢ ᠰᠢᠯᠭᠠᠯᠲᠠ  ᠳᠦ 34432  ᠰᠤᠷᠤᠭᠴᠢ ᠪᠦᠷᠢᠳᠬᠡᠭᠦᠯᠦᠭᠰᠡᠨ᠃ ᠡᠭᠦᠨ ᠦ 30 ᠮᠢᠩᠭ᠎ᠠ ᠣᠷᠴᠢᠮ ᠨᠢ ᠡᠨᠡ ᠣᠨ ᠳᠤ 12 ᠳ᠋ᠤᠭᠠᠷ ᠠᠩᠭᠢ ᠪᠠᠨ ᠲᠡᠭᠦᠰᠦᠭᠰᠡᠨ ᠰᠤᠷᠤᠭᠴᠢᠳ ᠶᠤᠮ᠃ ᠰᠢᠯᠭᠠᠭᠤᠯᠤᠭᠴᠢᠳ ᠤᠨ ᠳᠡᠶᠢᠯᠦᠩᠬᠢ ᠨᠢ  ᠲᠤᠭᠠᠨ ᠤ ᠤᠬᠠᠭᠠᠨ᠂ ᠨᠡᠶᠢᠭᠡᠮ ᠰᠤᠳᠤᠯᠤᠯ᠂ ᠠᠩᠭᠯᠢ ᠬᠡᠯᠡᠨ ᠦ ᠬᠢᠴᠢᠶᠡᠯ ᠢᠶᠡᠷ ᠰᠢᠯᠭᠠᠯᠲᠠ ᠥᠭᠬᠦ ᠪᠡᠷ ᠪᠦᠷᠢᠳᠬᠡᠭᠦᠯᠦᠭᠰᠡᠨ ᠪᠠᠶᠢᠨ᠎ᠠ᠃

2022 ᠣᠨ ᠠᠴᠠ ᠡᠬᠢᠯᠡᠨ ᠡᠯᠰᠡᠯᠲᠡ ᠶᠢᠨ ᠶᠡᠷᠦᠩᠬᠡᠢ ᠰᠢᠯᠭᠠᠯᠲᠠ ᠶᠢᠨ ᠳ᠋ᠦᠩ ᠣᠨᠣᠭ᠎ᠠ ᠶᠢ ᠪᠯᠤᠺᠴᠧᠨ ᠰᠢᠰᠲ᠋ᠧᠮ ᠳᠦ ᠰᠢᠯᠵᠢᠭᠦᠯᠦᠭᠰᠡᠨ ᠪᠥᠭᠡᠳ ᠲᠡᠭᠦᠨ ᠢ ᠬᠥᠨᠳᠡᠯᠡᠨ ᠡᠴᠡ ᠵᠠᠰᠠᠵᠤ᠂ ᠥᠭᠡᠷᠡᠴᠢᠯᠡᠬᠦ ᠶᠠᠮᠠᠷ ᠴᠤ ᠪᠣᠯᠤᠮᠵᠢ ᠦᠭᠡᠢ᠃ ᠮᠦᠨ ᠰᠢᠯᠭᠠᠯᠲᠠ ᠶᠢᠨ ᠦᠷ᠎ᠡ  ᠳ᠋ᠦᠩ ᠢ ᠥᠩᠭᠡᠷᠡᠭᠰᠡᠨ ᠵᠢᠯ ᠡᠴᠡ ᠡᠬᠢᠯᠡᠭᠦᠯᠦᠨ BI ᠰᠢᠰᠲ᠋ᠧᠮ ᠳᠦ ᠪᠠᠶᠢᠷᠢᠰᠢᠭᠤᠯᠳᠠᠭ ᠪᠣᠯᠤᠭᠰᠠᠨ ᠢᠶᠡᠷ ᠪᠠᠭᠰᠢ᠂ ᠰᠤᠷᠤᠭᠴᠢ᠂ ᠰᠤᠷᠭᠠᠭᠤᠯᠢ ᠶᠢᠨ ᠵᠠᠬᠢᠷᠭ᠎ᠠ ᠥᠪᠡᠷᠰᠡᠳ ᠦᠨ ᠰᠢᠯᠭᠠᠯᠲᠠ ᠶᠢᠨ ᠦᠷ᠎ᠡ ᠳ᠋ᠦᠩ ᠳᠦ ᠠᠨᠠᠯᠢᠽᠢ ᠬᠢᠬᠦ ᠪᠦᠷᠢᠨ ᠪᠣᠯᠤᠮᠵᠢ ᠲᠠᠢ᠃

ᠮᠣᠩᠭᠣᠯ ᠬᠡᠯᠡ ᠪᠢᠴᠢᠭ ᠦᠨ ᠰᠢᠯᠭᠠᠯᠲᠠ ᠪᠣᠯᠤᠨ ᠡᠯᠰᠡᠯᠲᠡ ᠶᠢᠨ ᠶᠡᠷᠦᠩᠬᠡᠢ ᠰᠢᠯᠭᠠᠯᠲᠠ ᠶᠢᠨ  ᠳ᠋ᠦᠩ ᠣᠨᠣᠭ᠎ᠠ ᠪᠦᠬᠦᠢ ᠪᠠᠲᠤᠯᠠᠮᠵᠢ ᠬᠠᠭᠤᠳᠠᠰᠤ ᠶᠢ www.EEC.mn ᠪᠣᠯᠤᠨ E-Mongolia.mn ᠴᠠᠬᠢᠮ ᠦᠢᠯᠡᠴᠢᠯᠡᠭᠡᠨ ᠦ ᠨᠢᠭᠡᠳᠦᠭᠰᠡᠨ ᠫᠤᠷᠲ᠋ᠠᠯ ᠳᠤ ᠪᠠᠶᠢᠷᠢᠰᠢᠭᠤᠯᠬᠤ ᠪᠠ ᠰᠢᠯᠭᠠᠭᠤᠯᠤᠭᠴᠢ ᠥᠪᠡᠷ ᠢᠶᠡᠨ ᠬᠡᠪᠯᠡᠵᠦ ᠠᠪᠬᠤ ᠪᠣᠯᠤᠮᠵᠢ ᠲᠠᠢ ᠭᠡᠯ᠎ᠡ᠃

ᠰᠡᠳᠬᠢᠭᠳᠡᠯ ᠦᠯᠡᠳᠡᠭᠡᠬᠦ