ᠮᠣᠩᠭᠣᠯ ᠤᠨ ᠡᠳ᠋ ᠦᠨ ᠵᠠᠰᠠᠭ ᠤᠨ ᠹᠣᠷᠣᠮ  ᠳᠤᠯᠤᠳᠤᠭᠠᠷ ᠰᠠᠷ᠎ᠠ ᠳᠤ ᠪᠤᠯᠤᠨ᠎ᠠ | News.MN

ᠮᠣᠩᠭᠣᠯ ᠤᠨ ᠡᠳ᠋ ᠦᠨ ᠵᠠᠰᠠᠭ ᠤᠨ ᠹᠣᠷᠣᠮ  ᠳᠤᠯᠤᠳᠤᠭᠠᠷ ᠰᠠᠷ᠎ᠠ ᠳᠤ ᠪᠤᠯᠤᠨ᠎ᠠ

ᠢᠷᠡᠬᠦ ᠳᠤᠯᠤᠳᠤᠭᠠᠷ ᠰᠠᠷ᠎ᠠ ᠶᠢᠨ 9-10  ᠳᠦ ᠪᠤᠯᠬᠤ ᠮᠣᠩᠭᠣᠯ ᠤᠨ ᠡᠳ᠋  ᠦᠨ ᠵᠠᠰᠠᠭ ᠤᠨ ᠹᠣᠷᠣᠮ  ᠢ ᠬᠡᠷᠬᠢᠨ ᠵᠣᠬᠢᠶᠠᠨ ᠪᠠᠶᠢᠭᠤᠯᠬᠤ ᠲᠠᠯ᠎ᠠ ᠪᠠᠷ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳ ∙ ᠠᠮᠤᠷᠪᠠᠶᠠᠰᠬᠤᠯᠠᠩ ᠮᠡᠳᠡᠭᠡᠯᠡᠯ᠎ᠡ᠃
ᠲᠡᠷᠡᠪᠡᠷ ᠄ ᠬᠥᠷᠥᠩᠭᠡ ᠣᠷᠣᠭᠤᠯᠤᠭᠴᠢᠳ ᠮᠣᠩᠭᠣᠯ ᠤᠯᠤᠰ ᠢ ᠰᠣᠨᠢᠷᠬᠠᠵᠤ ᠪᠠᠶᠢᠨ᠎ᠠ᠃ ᠡᠭᠦᠨ ᠢ ᠳᠠᠭᠠᠭᠠᠳ ᠮᠣᠩᠭᠣᠯ ᠤᠨ ᠡᠳ᠋  ᠦᠨ ᠵᠠᠰᠠᠭ ᠤᠨ ᠹᠣᠷᠣᠮ ᠳᠤ ᠤᠷᠤᠯᠴᠠᠬᠤ ᠭᠠᠳᠠᠨ᠎ᠠ ᠶᠢᠨ ᠵᠣᠴᠢᠳ ᠤᠨ ᠵᠡᠷᠭᠡᠯᠡᠯ ᠳᠡᠭᠡᠭᠰᠢᠯᠡᠭᠰᠡᠨ᠃ ᠲᠤᠬᠠᠶᠢᠯᠠᠪᠠᠯ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠪᠢᠽᠢᠨᠧᠰ ᠡᠷᠬᠢᠯᠡᠭᠴᠢᠳ ᠦᠨ ᠲᠣᠮᠣᠬᠠᠨ ᠲᠥᠯᠥᠭᠡᠯᠡᠯ ᠣᠷᠣᠯᠴᠠᠬᠤ ᠪᠠᠨ ᠢᠯᠡᠷᠬᠡᠶᠢᠯᠡᠭᠰᠡᠨ᠃ ᠮᠥᠨ︽ ᠤᠭ᠍ᠶᠤᠲᠤᠯᠤᠭᠠᠢ︾ᠺᠤᠮᠫᠠᠨᠢ ᠶᠢᠨ ᠬᠤᠪᠢᠴᠠᠭ᠎ᠠ ᠡᠵᠡᠮᠰᠢᠭᠴᠢ ᠷᠢᠤ᠋ ᠲᠢᠨᠲ᠋ᠤ᠋  ᠭᠷᠦ᠋ᠫ ᠦᠨ ᠲᠥᠯᠥᠭᠡᠯᠡᠨ ᠤᠳᠤᠷᠢᠳᠬᠤ ᠵᠥᠪᠯᠡᠯ ᠦᠨ ᠳᠠᠷᠤᠭ᠎ᠠ ᠵᠠᠰᠠᠭ ᠤᠨ ᠭᠠᠵᠠᠷ ᠲᠠᠢ ᠶᠠᠷᠢᠶ᠎ᠠ ᠬᠡᠯᠡᠯᠴᠡᠭᠡᠷ ᠬᠢᠬᠦ ᠲᠤᠬᠠᠢ ᠶᠠᠷᠢᠭᠳᠠᠵᠤ ᠪᠠᠶᠢᠨ᠎ᠠ ᠭᠡᠯ᠎ᠡ᠃
ᠮᠥᠨ 《ᠮᠣᠩᠭᠣᠯ ᠤᠨ ᠡᠳ᠋  ᠦᠨ ᠵᠠᠰᠠᠭ ᠤᠨ ᠴᠢᠭᠤᠯᠭᠠᠨ-2023》  ᠢ ᠵᠣᠬᠢᠶᠠᠨ ᠪᠠᠶᠢᠭᠤᠯᠬᠤ ᠦᠢᠯᠡ ᠠᠵᠢᠯᠯᠠᠭᠠᠨ ᠤ ᠲᠥᠯᠥᠪᠯᠡᠭᠡ ᠪᠠᠲᠤᠯᠠᠵᠤ ᠬᠡᠷᠡᠭᠵᠢᠭᠦᠯᠬᠦ ᠶᠢ ᠡᠳ᠋ ᠦᠨ ᠵᠠᠰᠠᠭ᠂ ᠬᠥᠭᠵᠢᠯ ᠦᠨ ᠰᠠᠶᠢᠳ ᠴ ∙ ᠬᠦᠷᠡᠯᠪᠠᠭᠠᠲᠤᠷ ᠲᠤ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠶᠡᠷᠦᠩᠬᠡᠢ ᠰᠠᠶᠢᠳ ᠳᠠᠭᠠᠭᠠᠯᠭᠠᠵᠠᠢ᠃

ᠰᠡᠳᠬᠢᠭᠳᠡᠯ ᠦᠯᠡᠳᠡᠭᠡᠬᠦ