ᠮᠢᠬ᠎ᠠ᠂ ᠰᠦ ᠵᠡᠷᠭᠡ ᠬᠦᠨᠡᠰᠦᠨ ᠦ ᠪᠦᠲᠦᠭᠡᠭᠳᠡᠬᠦᠨ ᠦ ᠠᠷᠠᠯᠵᠢᠶ᠎ᠠ ᠶᠢ ᠪᠢᠷᠵᠢ ᠪᠡᠷ ᠳᠠᠮᠵᠢᠭᠤᠯᠤᠨ ᠬᠢᠨ᠎ᠡ | News.MN

ᠮᠢᠬ᠎ᠠ᠂ ᠰᠦ ᠵᠡᠷᠭᠡ ᠬᠦᠨᠡᠰᠦᠨ ᠦ ᠪᠦᠲᠦᠭᠡᠭᠳᠡᠬᠦᠨ ᠦ ᠠᠷᠠᠯᠵᠢᠶ᠎ᠠ ᠶᠢ ᠪᠢᠷᠵᠢ ᠪᠡᠷ ᠳᠠᠮᠵᠢᠭᠤᠯᠤᠨ ᠬᠢᠨ᠎ᠡ

ᠢᠨᠹᠯᠢᠶᠠᠼ ᠤᠨ ᠨᠥᠬᠥᠴᠡᠯ ᠪᠠᠶᠢᠳᠠᠯ᠂ ᠦᠨ᠎ᠡ ᠶᠢᠨ ᠥᠰᠦᠯᠲᠡ ᠶᠢ ᠬᠢᠵᠠᠭᠠᠷᠯᠠᠬᠤ ᠠᠷᠭ᠎ᠠ ᠬᠡᠮᠵᠢᠶᠡᠨ ᠦ ᠲᠠᠯ᠎ᠠ ᠪᠠᠷ ᠮᠣᠩᠭᠣᠯ ᠤᠯᠤᠰ ᠤᠨ ᠰᠢᠳᠠᠷ ᠰᠠᠶᠢᠳ ᠪᠥᠭᠡᠳ ᠡᠳ᠋ ᠦᠨ ᠵᠠᠰᠠᠭ᠂ ᠬᠥᠭᠵᠢᠯ ᠦᠨ ᠰᠠᠶᠢᠳ ᠴ ∙ᠬᠦᠷᠡᠯᠪᠠᠭᠠᠲᠤᠷ ᠲᠠᠨᠢᠯᠴᠠᠭᠤᠯᠤᠯ᠎ᠠ᠃ ᠢᠨᠹᠯᠢᠶᠠᠼ 2022 ᠣᠨ ᠤ ᠵᠢᠷᠭᠤᠳᠤᠭᠠᠷ ᠰᠠᠷ᠎ᠠ ᠳᠤ ᠬᠠᠮᠤᠭ ᠤᠨ ᠣᠷᠭᠢᠯ ᠦᠶ᠎ᠡ ᠳᠦ ᠪᠡᠨ ᠪᠤᠶᠤ 16.1 ᠬᠤᠪᠢ ᠳᠤ ᠬᠦᠷᠦᠭᠰᠡᠨ ᠪᠣᠯ ᠲᠡᠭᠦᠨ ᠡᠴᠡ ᠬᠣᠶᠢᠰᠢ ᠠᠭᠠᠵᠢᠮ ᠢᠶᠠᠷ  ᠪᠠᠭᠤᠷᠠᠵᠤ ᠪᠠᠶᠢᠭ᠎ᠠ ᠬᠡᠳᠦᠢ ᠴᠤ ᠲᠥᠪ ᠪᠠᠩᠬᠢᠨ ᠤ ᠵᠣᠷᠢᠯᠲᠠᠲᠤ ᠲᠦᠪᠰᠢᠨ ᠡᠴᠡ ᠥᠨᠳᠥᠷ ᠬᠡᠪ ᠢᠶᠡᠷ ᠪᠠᠶᠢᠨ᠎ᠠ᠃

ᠡᠭᠦᠨ ᠳᠦ ᠭᠤᠯᠢᠷ᠂ ᠮᠢᠬ᠎ᠠ᠂ ᠰᠦᠨ ᠦ ᠦᠨ᠎ᠡ ᠥᠰᠦᠭᠰᠡᠨ ᠨᠢ ᠭᠣᠣᠯᠯᠠᠨ ᠨᠥᠯᠦᠭᠡᠯᠡᠵᠦ ᠪᠠᠶᠢᠭ᠎ᠠ ᠪᠥᠭᠡᠳ ᠨᠡᠶᠢᠲᠡ ᠢᠨᠹᠯᠢᠶᠠᠼ ᠤᠨ 40 ᠣᠷᠴᠢᠮ ᠬᠤᠪᠢ ᠶᠢ ᠨᠢ ᠡᠨᠡ ᠭᠤᠷᠪᠠᠨ ᠲᠥᠷᠥᠯ ᠦᠨ ᠪᠦᠲᠦᠭᠡᠭᠳᠡᠬᠦᠨ ᠪᠦᠷᠢᠳᠦᠭᠦᠯᠵᠦ ᠪᠠᠶᠢᠨ᠎ᠠ᠃ ᠡᠶᠢᠮᠦ ᠳᠦ ᠬᠥᠳᠡᠭᠡ ᠠᠵᠤ ᠠᠬᠤᠢ ᠶᠢᠨ ᠪᠢᠷᠵᠢ ᠪᠡᠷ ᠳᠠᠮᠵᠢᠭᠤᠯᠤᠨ ᠮᠢᠬ᠎ᠠ᠂ ᠬᠥᠳᠡᠭᠡ ᠠᠵᠤ ᠠᠬᠤᠢ ᠶᠢᠨ ᠪᠤᠰᠤᠳ ᠪᠦᠲᠦᠭᠡᠭᠳᠡᠬᠦᠨ ᠦ ᠠᠷᠠᠯᠵᠢᠶ᠎ᠠ ᠶᠢ ᠬᠢᠬᠦ᠂ ᠮᠠᠯ ᠠᠵᠤ ᠠᠬᠤᠢ᠂ ᠮᠢᠬᠠᠨ ᠤ ᠵᠠᠬ᠎ᠠ ᠵᠡᠭᠡᠯᠢ ᠶᠢ ᠳᠤᠮᠳᠠ ᠬᠤᠭᠤᠴᠠᠭᠠᠨ ᠳᠤ ᠦᠷ᠎ᠡ ᠠᠰᠢᠭ ᠲᠠᠢ ᠬᠡᠯᠪᠡᠷᠢ ᠳᠦ ᠰᠢᠯᠵᠢᠭᠦᠯᠬᠦ᠂ ᠲᠤᠰᠬᠠᠢ ᠵᠥᠪᠰᠢᠶᠡᠷᠡᠯ ᠦᠨ ᠴᠠᠬᠢᠮ ᠰᠢᠰᠲ᠋ᠧᠮ ᠢ ᠪᠦᠷᠢᠨ ᠨᠡᠪᠲᠡᠷᠡᠭᠦᠯᠬᠦ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠶᠢᠭ᠎ᠠ ᠲᠠᠯ᠎ᠠ ᠪᠠᠷ ᠲᠡᠷᠡ ᠲᠠᠨᠢᠯᠴᠠᠭᠤᠯᠤᠯ᠎ᠠ᠃《 ᠮᠠᠺᠷᠤ᠋ ᠡᠳ᠋  ᠦᠨ ᠵᠠᠰᠠᠭ ᠤᠨ ᠲᠣᠭᠲᠠᠪᠤᠷᠢᠲᠠᠢ ᠪᠠᠶᠢᠳᠠᠯ ᠢ ᠬᠠᠩᠭᠠᠬᠤ ᠴᠢᠭᠯᠡᠯ ᠢᠶᠡᠷ ᠠᠪᠬᠤ ᠵᠠᠷᠢᠮ ᠬᠡᠮᠵᠢᠶᠡᠨ ᠦ ᠲᠤᠬᠠᠢ》 ᠵᠠᠰᠠᠭ ᠤᠨ ᠭᠠᠵᠠᠷ ᠤᠨ ᠲᠣᠭᠲᠠᠭᠠᠯ ᠤᠨ ᠲᠥᠰᠥᠯ ᠪᠣᠯᠪᠠᠰᠤᠷᠠᠭᠤᠯᠵᠤ ᠢᠷᠡᠬᠦ ᠳᠣᠯᠣᠭ᠎ᠠ ᠬᠣᠨᠣᠭ ᠤᠨ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠭᠦᠯᠦᠨ ᠰᠢᠢᠳᠪᠦᠷᠢᠯᠡᠭᠦᠯᠬᠦ  ᠶᠤᠮ ᠪᠠᠢᠨ᠎ᠠ᠃

ᠰᠡᠳᠬᠢᠭᠳᠡᠯ ᠦᠯᠡᠳᠡᠭᠡᠬᠦ