ᠡᠨᠡ ᠣᠨ ᠤ ᠡᠬᠢᠨ ᠦ ᠲᠠᠪᠤᠨ ᠰᠠᠷ᠎ᠠ ᠶᠢᠨ ᠪᠠᠶᠢᠳᠠᠯ ᠢᠶᠠᠷ ᠵᠢᠭᠡᠯᠡ ᠶᠢᠨ ᠥᠷᠢ ᠶᠢᠨ ᠨᠡᠶᠢᠲᠡ ᠦᠯᠡᠳᠡᠭᠳᠡᠯ 24.5 ᠶᠡᠬᠡ ᠨᠠᠶᠤᠳ ᠲᠥᠭᠥᠷᠢᠭ ᠲᠦ ᠬᠦᠷᠴᠦ᠂ ᠲᠡᠭᠦᠨ ᠦ 14.8 ᠬᠤᠪᠢ ᠶᠢ ᠠᠩᠬᠠᠷᠤᠯ ᠬᠠᠨᠳᠤᠭᠤᠯᠬᠤ ᠱᠠᠭᠠᠷᠳᠠᠯᠭ᠎ᠠ ᠲᠠᠢ ᠪᠣᠯᠤᠨ ᠴᠢᠨᠠᠷ ᠦᠭᠡᠢ ᠵᠢᠭᠡᠯᠡ ᠪᠦᠷᠢᠳᠦᠭᠦᠯᠵᠦ ᠪᠠᠶᠢᠨ᠎ᠠ᠃
ᠵᠢᠭᠡᠯᠡ ᠶᠢᠨ ᠦᠯᠡᠳᠡᠭᠳᠡᠯ ᠦᠨ 54.9 ᠬᠤᠪᠢ ᠶᠢ ᠢᠷᠭᠡᠳ᠂ 44 ᠬᠤᠪᠢ ᠶᠢ ᠪᠠᠶᠢᠭᠤᠯᠤᠯᠭ᠎ᠠ ᠶᠢᠨ ᠵᠢᠭᠡᠯᠡ ᠪᠦᠷᠢᠳᠦᠭᠦᠯᠵᠦ ᠪᠠᠶᠢᠭ᠎ᠠ ᠠᠵᠢ᠃ ᠥᠩᠭᠡᠷᠡᠭᠰᠡᠨ ᠣᠨ ᠤ ᠡᠴᠦᠰ ᠢᠶᠡᠷ ᠵᠢᠭᠡᠯᠡ ᠶᠢᠨ ᠨᠡᠶᠢᠲᠡ ᠦᠯᠡᠳᠡᠭᠳᠡᠯ ᠪᠠᠭᠤᠷᠠᠭᠰᠠᠨ ᠪᠣᠯ ᠣᠨ ᠭᠠᠷᠤᠭᠠᠳ ᠲᠣᠭᠲᠠᠪᠤᠷᠢᠵᠢᠵᠤ᠂ ᠰᠠᠷ᠎ᠠ ᠳᠤ ᠳᠤᠮᠳᠠᠴᠢ ᠪᠠᠷ 2-3 ᠬᠤᠪᠢ ᠪᠠᠷ ᠥᠰᠦᠭᠰᠡᠨ ᠦᠵᠡᠭᠦᠯᠦᠯᠲᠡ ᠲᠡᠢ ᠪᠠᠶᠢᠨ᠎ᠠ᠃