ᠭᠠᠵᠠᠷ ᠤᠨ ᠲᠣᠰᠣ ᠳᠠᠮᠵᠢᠭᠤᠯᠬᠤ ᠬᠣᠭᠣᠯᠠᠢ ᠪᠠᠷᠢᠵᠤ ᠪᠠᠶᠢᠨ᠎ᠠ | News.MN

ᠭᠠᠵᠠᠷ ᠤᠨ ᠲᠣᠰᠣ ᠳᠠᠮᠵᠢᠭᠤᠯᠬᠤ ᠬᠣᠭᠣᠯᠠᠢ ᠪᠠᠷᠢᠵᠤ ᠪᠠᠶᠢᠨ᠎ᠠ

1.5 ᠰᠠᠶ᠎ᠠ ᠲᠤᠨ ᠭᠠᠵᠠᠷ ᠤᠨ ᠲᠣᠰᠣ ᠪᠣᠯᠪᠠᠰᠤᠷᠠᠭᠤᠯᠬᠤ ᠬᠦᠴᠦᠨ ᠴᠢᠳᠠᠯ ᠪᠦᠬᠦᠢ ᠳᠣᠷᠣᠨᠠᠭᠣᠪᠢ ᠠᠶᠢᠮᠠᠭ ᠤᠨ ᠠᠯᠲᠠᠨᠰᠢᠷᠡᠭᠡ ᠰᠤᠮᠤᠨ ᠳᠤ ᠪᠠᠷᠢᠭᠳᠠᠵᠤ ᠪᠤᠢ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ  ᠶᠢᠨ ᠲᠧᠭᠨᠣᠯᠣᠭᠢ ᠶᠢᠨ ᠪᠤᠰᠤ ᠪᠠᠷᠢᠯᠭ᠎ᠠ ᠪᠠᠶᠢᠭᠤᠯᠤᠮᠵᠢ ᠶᠢᠨ ᠠᠵᠢᠯ EPC-1 ᠭᠡᠷ᠎ᠡ ᠶᠢᠨ ᠬᠦᠷᠢᠶᠡᠨ ᠳᠦ ᠡᠬᠢᠯᠡᠭᠰᠡᠨ᠃ EPC-2 ᠪᠠᠭᠴᠠ ᠠᠵᠢᠯ ᠤᠨ ᠬᠦᠷᠢᠶᠡᠨ ᠳᠦ ᠲᠧᠭᠨᠣᠯᠣᠭᠢ ᠶᠢᠨ ᠪᠠᠶᠢᠭᠤᠯᠤᠮᠵᠢ ᠨᠤᠭᠤᠳ ᠪᠠᠷᠢᠭᠳᠠᠬᠤ ᠪᠣᠯ EPC-3 ᠪᠠᠭᠴᠠ ᠠᠵᠢᠯ ᠤᠨ ᠬᠦᠷᠢᠶᠡᠨ ᠳᠦ ᠳᠤᠯᠠᠭᠠᠨ ᠤ ᠴᠠᠬᠢᠯᠭᠠᠨ ᠰᠲ᠋ᠠᠨᠼ ᠠᠰᠢᠭᠯᠠᠯᠲᠠ ᠳᠤ ᠣᠷᠣᠨ᠎ᠠ᠃

ᠲᠤᠰ ᠦᠢᠯᠡᠳᠪᠦᠷᠢ ᠶᠢᠨ ᠭᠠᠵᠠᠷ ᠤᠨ ᠲᠣᠰᠣ ᠳᠠᠮᠵᠢᠭᠤᠯᠬᠤ ᠬᠣᠭᠣᠯᠠᠢ ᠪᠠᠷᠢᠬᠤ ᠠᠵᠢᠯ ᠤᠨ ᠶᠡᠷᠦᠩᠬᠡᠢ ᠭᠦᠢᠴᠡᠳᠬᠡᠭᠴᠢ ᠪᠡᠷ ᠰᠢᠯᠭᠠᠷᠠᠭᠰᠠᠨ ᠬᠢᠲᠠᠳ ᠦᠨ《Norinco International Cooperation》ᠺᠣᠮᠫᠠᠨᠢ 2022 ᠣᠨ ᠤ ᠰᠡᠭᠦᠯᠴᠢ ᠡᠴᠡ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃

ᠦᠢᠯᠡᠳᠪᠦᠷᠢ ᠪᠠᠷᠢᠬᠤ ᠠᠵᠢᠯ ᠳᠦ ᠬᠢᠯᠢ ᠭᠠᠶᠢᠯᠢ ᠶᠢᠨ ᠨᠥᠬᠥᠴᠡᠯ ᠪᠠᠶᠢᠳᠠᠯ ᠠᠴᠠ ᠡᠭᠦᠳᠴᠦ᠂ ᠪᠠᠷᠠᠭ᠎ᠠ ᠮᠠᠲ᠋ᠧᠷᠢᠶᠠᠯ ᠤᠨ ᠬᠣᠮᠰᠠᠳᠠᠯ᠂ ᠨᠡᠮᠡᠭᠳᠡᠯ ᠥᠷᠲᠡᠭ ᠦᠨ ᠠᠯᠪᠠᠨ ᠲᠠᠲᠠᠪᠤᠷᠢ ᠤᠨ ᠬᠥᠩᠭᠡᠯᠡᠯᠲᠡ᠂ ᠴᠢᠯᠦᠭᠡᠯᠡᠯᠲᠡ ᠡᠴᠡ ᠡᠭᠦᠳᠦᠭᠰᠡᠨ ᠠᠯᠳᠠᠭᠳᠠᠯ᠂ ᠮᠥᠨ ᠠᠵᠢᠯᠯᠠᠬᠤ ᠬᠦᠴᠦᠨ ᠦ ᠸᠢᠽ ᠤᠨ ᠠᠰᠠᠭᠤᠳᠠᠯ ᠵᠡᠷᠭᠡ ᠪᠡᠷᠬᠡᠰᠢᠶᠡᠯ ᠭᠠᠷᠤᠭᠰᠠᠨ᠃ ᠮᠣᠩᠭᠣᠯ ᠤᠯᠤᠰ ᠤᠨ ᠶᠡᠷᠦᠩᠬᠡᠢ ᠰᠠᠶᠢᠳ ᠡᠳᠡᠭᠡᠷ ᠠᠰᠠᠭᠤᠳᠠᠯ ᠢ ᠪᠣᠭᠣᠨᠢ ᠬᠤᠭᠤᠴᠠᠭᠠᠨ ᠳᠤ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ ᠦᠷᠭᠦᠯᠵᠢᠯᠡᠭᠦᠯᠬᠦ ᠡᠭᠦᠷᠭᠡ ᠥᠭᠭᠦᠭᠰᠡᠨ ᠭᠡᠵᠦ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳ∙ᠠᠮᠤᠷᠪᠠᠶᠠᠰᠬᠤᠯᠠᠩ ᠮᠡᠳᠡᠭᠳᠡᠯ᠎ᠡ᠃

ᠰᠡᠳᠬᠢᠭᠳᠡᠯ ᠦᠯᠡᠳᠡᠭᠡᠬᠦ