ᠳᠠᠷᠬᠠᠨ-ᠠᠭᠤᠯᠠ ᠠᠶᠢᠮᠠᠭ ᠥᠨᠳᠦᠷᠵᠢᠭᠦᠯᠦᠭᠰᠡᠨ ᠪᠡᠯᠡᠨ ᠪᠠᠶᠢᠳᠠᠯ ᠤᠨ ᠵᠡᠷᠭᠡ ᠳᠦ ᠰᠢᠯᠵᠢᠵᠡᠢ | News.MN

ᠳᠠᠷᠬᠠᠨ-ᠠᠭᠤᠯᠠ ᠠᠶᠢᠮᠠᠭ ᠥᠨᠳᠦᠷᠵᠢᠭᠦᠯᠦᠭᠰᠡᠨ ᠪᠡᠯᠡᠨ ᠪᠠᠶᠢᠳᠠᠯ ᠤᠨ ᠵᠡᠷᠭᠡ ᠳᠦ ᠰᠢᠯᠵᠢᠵᠡᠢ

ᠳᠠᠷᠬᠠᠨ-ᠠᠭᠤᠯᠠ ᠠᠶᠢᠮᠠᠭ ᠲᠤ ᠭᠠᠮᠰᠢᠭ ᠠᠴᠠ ᠬᠠᠮᠠᠭᠠᠯᠠᠬᠤ ᠢᠵᠢ ᠪᠦᠷᠢᠨ ᠰᠤᠷᠭᠠᠭᠤᠯᠢ ᠵᠣᠬᠢᠶᠠᠨ ᠪᠠᠶᠢᠭᠤᠯᠵᠤ ᠪᠤᠢ ᠲᠠᠢ ᠬᠣᠯᠪᠣᠭᠠᠲᠠᠢ ᠪᠠᠷ ᠭᠤᠷᠪᠠ ᠬᠣᠨᠣᠭ ᠤᠨ ᠥᠨᠳᠦᠷᠵᠢᠭᠦᠯᠦᠭᠰᠡᠨ ᠪᠡᠯᠡᠨ ᠪᠠᠶᠢᠳᠠᠯ ᠤᠨ ᠵᠡᠷᠭᠡ ᠳᠦ ᠰᠢᠯᠵᠢᠵᠡᠢ᠃ ᠲᠡᠭᠡᠭᠡᠳ ᠥᠴᠥᠭᠡᠳᠦᠷ ᠡᠴᠡ ᠪᠤᠶᠤ 15  ᠤ 06.00 ᠴᠠᠭ ᠠᠴᠠ ᠵᠢᠷᠭᠤᠳᠤᠭᠠᠷ ᠰᠠᠷ᠎ᠠ ᠶᠢᠨ 17  ᠤ 20.00 ᠴᠠᠭ ᠬᠦᠷᠲᠡᠯ᠎ᠡ ᠪᠡᠯᠡᠨ ᠪᠠᠶᠢᠳᠠᠯ ᠤᠨ ᠵᠡᠷᠭᠡ ᠳᠦ ᠰᠢᠯᠵᠢᠭᠰᠡᠨ ᠵᠠᠰᠠᠭ ᠳᠠᠷᠤᠭ᠎ᠠ ᠶᠢᠨ ᠵᠠᠬᠢᠷᠤᠮᠵᠢ ᠭᠠᠷᠭᠠᠭᠰᠠᠨ ᠪᠠᠶᠢᠨ᠎ᠠ᠃
ᠡᠨᠡ ᠬᠤᠭᠤᠴᠠᠭᠠᠨ ᠳᠤ ᠣᠯᠠᠨ ᠨᠡᠶᠢᠲᠡ ᠶᠢ ᠬᠠᠮᠤᠷᠤᠭᠰᠠᠨ ᠤᠷᠤᠯᠳᠤᠭᠠᠨ ᠲᠡᠮᠡᠴᠡᠭᠡᠨ᠂ ᠤᠷᠠᠯᠢᠭ ᠤᠨ ᠲᠣᠭᠯᠠᠯᠲᠠ᠂ ᠬᠤᠷᠠᠯ ᠴᠤᠭᠯᠠᠭᠠᠨ᠂ ᠪᠦᠬᠦ ᠲᠥᠷᠥᠯ ᠦᠨ ᠰᠤᠶᠤᠯ᠂ ᠰᠫᠣᠷᠲ ᠤᠨ ᠦᠢᠯᠡ ᠠᠵᠢᠯᠯᠠᠭ᠎ᠠ ᠶᠢ ᠵᠠᠶᠢᠯᠠᠰᠢ ᠦᠭᠡᠢ ᠠᠶᠢᠮᠠᠭ ᠤᠨ ᠣᠨᠴᠠᠭᠠᠢ ᠺᠣᠮᠢᠰ ᠠᠴᠠ ᠵᠥᠪᠰᠢᠶᠡᠷᠡᠯ ᠠᠪᠴᠤ ᠵᠣᠬᠢᠶᠠᠨ ᠪᠠᠶᠢᠭᠤᠯᠬᠤ ᠠᠵᠡᠢ᠃

ᠰᠡᠳᠬᠢᠭᠳᠡᠯ ᠦᠯᠡᠳᠡᠭᠡᠬᠦ