ᠵᠡᠭᠦᠨ ᠬᠤᠢᠲᠤ ᠠᠽᠢᠶ᠎ᠠ ᠶᠢᠨ ᠠᠶᠤᠯᠭᠦᠢ ᠪᠠᠶᠢᠳᠠᠯ ᠤᠨ ᠲᠤᠬᠠᠢ《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠣᠯᠠᠨ ᠤᠯᠤᠰ ᠤᠨ ᠪᠠᠭ᠎ᠠ ᠬᠤᠷᠠᠯ ᠥᠨᠥᠳᠥᠷ ᠡᠬᠢᠯᠡᠯ᠎ᠡ᠃ ᠬᠤᠷᠠᠯ ᠪᠦᠰᠡ ᠶᠢᠨ ᠣᠷᠣᠨ ᠨᠤᠭᠤᠳ ᠠᠴᠠ ᠭᠠᠳᠠᠨ᠎ᠠ ᠺᠠᠨᠠᠳᠠ᠂ ᠡᠰᠲ᠋ᠣᠨᠢ᠂ ᠹᠷᠠᠨᠼᠢ᠂ ᠹᠢᠯᠢᠫᠢᠨ᠂ ᠲᠦᠷᠺ᠂ ᠠᠮᠧᠷᠢᠺᠠ ᠂ ᠸᠢᠶᠧᠲ᠋ᠨᠠᠮ ᠵᠡᠷᠭᠡ 30 ᠣᠷᠴᠢᠮ ᠣᠷᠣᠨ ᠤ 60 ᠊ᠭᠠᠳ ᠲᠥᠯᠦᠭᠡᠯᠡᠭᠴᠢ᠂ ᠠᠷᠪᠠ ᠭᠠᠷᠤᠢ ᠣᠯᠠᠨ ᠤᠯᠤᠰ ᠤᠨ ᠪᠠᠶᠢᠭᠤᠯᠤᠯᠭ᠎ᠠ ᠶᠢᠨ ᠲᠥᠯᠦᠭᠡᠯᠡᠯ᠂ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠨᠠᠷ᠂ ᠳ᠋ᠢᠫᠯᠣᠮᠠᠲ ᠲᠥᠯᠦᠭᠡᠯᠡᠭᠴᠢᠳ ᠦᠨ ᠭᠠᠵᠠᠷ ᠤᠨ ᠲᠡᠷᠢᠭᠦᠨ᠂ ᠡᠷᠳᠡᠮᠲᠡᠨ᠂ ᠰᠤᠳᠤᠯᠤᠭᠠᠴᠢ ᠨᠡᠶᠢᠯᠡᠭᠡᠳ 200 ᠭᠠᠷᠤᠢ ᠣᠷᠣᠯᠴᠠᠭᠴᠢ ᠲᠠᠢ ᠪᠠᠶᠢᠨ᠎ᠠ᠃
ᠭᠠᠳᠠᠭᠠᠳᠤ ᠬᠠᠷᠢᠯᠴᠠᠭᠠᠨ ᠤ ᠶᠠᠮᠤᠨ ᠤ ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠭᠠᠵᠠᠷ ᠤᠨ ᠵᠠᠬᠢᠷᠤᠯ ᠪ∙ᠮᠠᠨᠳᠤᠬᠠᠢ᠄ ᠮᠠᠨ ᠤ ᠤᠯᠤᠰ 1980 ᠊ᠭᠠᠳ ᠣᠨ ᠠᠴᠠ ᠵᠡᠭᠦᠨ ᠬᠤᠢᠲᠤ ᠠᠽᠢᠶ᠎ᠠ ᠶᠢᠨ ᠬᠡᠯᠡᠯᠴᠡᠭᠡᠨ ᠦ ᠮᠧᠬᠠᠨᠢᠰᠮ ᠢ ᠪᠤᠢ ᠪᠣᠯᠭᠠᠬᠤ ᠪᠠᠷ ᠲᠤᠤᠱᠲᠠᠢ ᠵᠣᠷᠢᠭᠰᠠᠨ᠃ 2013 ᠣᠨ ᠳᠤ ᠵᠡᠭᠦᠨ ᠬᠤᠢᠲᠤ ᠠᠽᠢᠶ᠎ᠠ ᠶᠢᠨ ᠠᠶᠤᠯᠭᠦᠢ ᠪᠠᠶᠢᠳᠠᠯ ᠤᠨ ᠲᠤᠬᠠᠢ ᠤᠭ ᠬᠡᠯᠡᠯᠴᠡᠭᠡᠷ ᠦᠨ ᠰᠠᠨᠠᠭᠠᠴᠢᠯᠠᠭ᠎ᠠ ᠶᠢ ᠳᠡᠪᠰᠢᠭᠦᠯᠵᠦ᠂ ᠣᠯᠠᠨ ᠤᠯᠤᠰ ᠤᠨ ᠪᠠᠭ᠎ᠠ ᠬᠤᠷᠠᠯ ᠢ 2014 ᠣᠨ ᠠᠴᠠ ᠠᠮᠵᠢᠯᠲᠠᠲᠠᠢ ᠵᠣᠬᠢᠶᠠᠨ ᠪᠠᠶᠢᠭᠤᠯᠤᠭᠰᠠᠨ᠃ ᠮᠠᠨ ᠤ ᠤᠯᠤᠰ ᠤᠨ ᠡᠩᠬᠡ ᠶᠢ ᠡᠷᠬᠢᠮᠯᠡᠭᠰᠡᠨ᠂ ᠨᠡᠭᠡᠭᠡᠯᠲᠡ ᠲᠡᠢ᠂ ᠪᠡᠶ᠎ᠡ ᠳᠠᠭᠠᠭᠠᠭᠰᠠᠨ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠶᠢᠨ ᠦᠨᠳᠦᠰᠦᠨ ᠵᠠᠷᠴᠢᠮ ᠳᠤ ᠨᠡᠶᠢᠴᠡᠬᠦ ᠠᠷᠭ᠎ᠠ ᠬᠡᠮᠵᠢᠶ᠎ᠡ ᠭᠡᠳᠡᠭ ᠢᠶᠡᠷ ᠢᠶᠡᠨ ᠣᠨᠴᠠᠯᠢᠭ᠃ ᠡᠭᠦᠨ ᠦ ᠦᠷ᠎ᠡ ᠳ᠋ᠦᠩ ᠳᠦ ᠪᠥᠰᠡ ᠨᠤᠲᠤᠭ ᠤᠨ ᠠᠶᠤᠯᠭᠦᠢ ᠪᠠᠶᠢᠳᠠᠯ ᠤᠨ ᠠᠰᠠᠭᠤᠳᠠᠯ ᠤᠳ᠂ ᠲᠡᠳᠡᠭᠡᠷ ᠢ ᠰᠢᠢᠳᠪᠦᠷᠢᠯᠡᠬᠦ᠂ ᠢᠲᠡᠭᠡᠯᠴᠡᠯ ᠢ ᠪᠡᠶᠡᠯᠡᠭᠦᠯᠬᠦ ᠲᠠᠯ᠎ᠠ ᠪᠠᠷ ᠬᠡᠯᠡᠯᠴᠡᠭᠦᠯᠬᠦ ᠤᠯᠠᠮᠵᠢᠯᠠᠯᠲᠤ ᠲᠠᠪᠴᠠᠩ ᠪᠣᠯᠳᠠᠭ ᠭᠡᠪᠡ᠃