ᠮᠤᠨᠠᠺᠣ ᠳᠤ ᠬᠠᠪᠰᠤᠷᠤᠨ ᠰᠠᠭᠤᠬᠤ ᠡᠯᠴᠢᠨ ᠰᠠᠶᠢᠳ ᠤ᠊ ∙ ᠨᠢᠮᠠᠬᠦᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ | News.MN

ᠮᠤᠨᠠᠺᠣ ᠳᠤ ᠬᠠᠪᠰᠤᠷᠤᠨ ᠰᠠᠭᠤᠬᠤ ᠡᠯᠴᠢᠨ ᠰᠠᠶᠢᠳ ᠤ᠊ ∙ ᠨᠢᠮᠠᠬᠦᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩᠭᠣᠯ ᠤᠯᠤᠰ ᠠᠴᠠ ᠮᠤᠨᠠᠺᠣ ᠶᠢᠨ ᠬᠠᠭᠠᠨᠲᠤ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠤ᠊ ∙ ᠨᠢᠮᠠᠬᠦᠦ  6 ᠳ᠋ᠤᠭᠠᠷ ᠰᠠᠷ᠎ᠠ ᠶᠢᠨ 13 ᠳᠤ ᠮᠤᠨᠠᠺᠣ ᠶᠢᠨ ᠬᠠᠭᠠᠨ ᠬᠣᠶᠠᠳᠤᠭᠠᠷ ᠠᠯᠪᠧᠷᠲ ᠲᠤ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ᠃
ᠤ᠊∙ᠨᠢᠮᠠᠬᠦᠦ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠨ ᠮᠡᠨᠳᠦᠴᠢᠯᠡᠭᠡ ᠶᠢ ᠬᠠᠭᠠᠨ ᠬᠣᠶᠠᠳᠤᠭᠠᠷ ᠠᠯᠪᠧᠷᠲ ᠲᠤ ᠤᠯᠠᠮᠵᠢᠯᠠᠵᠤ᠂ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 15 ᠵᠢᠯ ᠦᠨ ᠬᠤᠭᠤᠴᠠᠭᠠᠨ ᠳᠤ ᠬᠠᠮᠲᠤ ᠶᠢᠨ ᠠᠵᠢᠯᠯᠠᠭ᠎ᠠ ᠪᠣᠯᠪᠠᠰᠤᠷᠠᠯ᠂ ᠡᠷᠡᠭᠦᠯ ᠮᠡᠨᠳᠦ᠂ ᠰᠤᠶᠤᠯ ᠤᠨ ᠥᠪ ᠢ ᠬᠠᠮᠠᠭᠠᠯᠠᠬᠤ᠂ ᠠᠷᠬᠧᠣᠯᠣᠭᠢ᠂ ᠬᠦᠮᠦᠯᠢᠭ ᠦᠨ ᠰᠠᠯᠪᠤᠷᠢ ᠳᠤ ᠠᠮᠵᠢᠯᠲᠠᠲᠠᠢ ᠬᠥᠭᠵᠢᠵᠦ ᠪᠤᠢ ᠶᠢ ᠲᠡᠮᠳᠡᠭᠯᠡᠨ ᠴᠢᠨᠠᠭᠰᠢᠳᠠ ᠬᠠᠷᠢᠯᠴᠠᠨ ᠰᠣᠨᠢᠷᠬᠠᠭᠰᠠᠨ ᠪᠤᠰᠤᠳ ᠰᠠᠯᠪᠤᠷᠢ ᠳᠤ ᠮᠥᠨ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠠᠵᠢᠯᠯᠠᠬᠤ ᠡᠷᠡᠮᠡᠯᠵᠡᠯ ᠢᠶᠡᠨ ᠢᠯᠡᠷᠬᠡᠶᠢᠯᠡᠪᠡ᠃
ᠬᠣᠶᠠᠳᠤᠭᠠᠷ ᠠᠯᠪᠧᠷᠲ ᠮᠣᠩᠭᠣᠯ ᠤᠯᠤᠰ ᠤᠨ ᠶᠡᠷᠦᠩᠬᠡᠶᠢᠯᠡᠭᠴᠢ ᠳᠦ ᠬᠠᠷᠢᠭᠤ ᠮᠡᠨᠳᠦᠴᠢᠯᠡᠭᠡ ᠳᠡᠪᠰᠢᠭᠦᠯᠵᠦ᠂ ᠡᠯᠴᠢᠨ ᠰᠠᠶᠢᠳ ᠤ᠊ ∙  ᠨᠢᠮᠠᠬᠦᠦ ᠶᠢᠨ ᠡᠭᠦᠷᠭᠡᠳᠦ ᠠᠵᠢᠯ ᠳᠤ ᠪᠠᠨ ᠣᠷᠣᠭᠰᠠᠨ ᠳᠤ ᠨᠢ ᠪᠠᠶᠠᠷ ᠬᠦᠷᠭᠡᠨ ᠠᠵᠢᠯ ᠤᠨ ᠥᠨᠳᠥᠷ ᠠᠮᠵᠢᠯᠲᠠ ᠬᠦᠰᠡᠪᠡ᠃

ᠰᠡᠳᠬᠢᠭᠳᠡᠯ ᠦᠯᠡᠳᠡᠭᠡᠬᠦ