ᠡᠮᠦᠨᠡᠲᠦ ᠰᠣᠯᠣᠩᠭᠣᠰ ᠤᠨ ᠠᠷᠮᠢ ᠶᠢᠨ ᠳᠠᠶᠢᠨ ᠤ ᠲᠤᠰᠬᠠᠢ ᠺᠤᠮᠠᠨᠳᠠᠯᠠᠯ  ᠢᠷᠡᠵᠡᠢ | News.MN

ᠡᠮᠦᠨᠡᠲᠦ ᠰᠣᠯᠣᠩᠭᠣᠰ ᠤᠨ ᠠᠷᠮᠢ ᠶᠢᠨ ᠳᠠᠶᠢᠨ ᠤ ᠲᠤᠰᠬᠠᠢ ᠺᠤᠮᠠᠨᠳᠠᠯᠠᠯ  ᠢᠷᠡᠵᠡᠢ

ᠮᠣᠩᠭᠣᠯ ᠤᠯᠤᠰ ᠲᠤ ᠪᠣᠯᠵᠤ ᠪᠤᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠣᠯᠠᠨ ᠤᠯᠤᠰ ᠤᠨ ᠡᠩᠬᠡ ᠶᠢ ᠰᠠᠬᠢᠭᠤᠯᠬᠤ ᠠᠵᠢᠯᠯᠠᠭᠠᠨ ᠤ ᠬᠠᠮᠲᠤᠷᠠᠭᠰᠠᠨ ᠠᠵᠢᠯᠯᠠᠭᠠᠨ ᠤ ᠴᠢᠳᠠᠪᠬᠢ ᠶᠢ ᠨᠡᠮᠡᠭᠳᠡᠭᠦᠯᠬᠦ ᠵᠣᠷᠢᠯᠭ᠎ᠠ ᠲᠠᠢ ᠣᠯᠠᠨ ᠤᠯᠤᠰ ᠤᠨ ᠴᠡᠷᠢᠭ ᠦᠨ ᠰᠤᠷᠭᠠᠭᠤᠯᠢᠯᠠᠯᠲᠠ ᠳᠤ ᠡᠮᠦᠨᠡᠲᠦ ᠰᠣᠯᠣᠩᠭᠣᠰ ᠤᠨ ᠠᠷᠮᠢ ᠶᠢᠨ ᠳᠠᠶᠢᠨ ᠤ ᠲᠤᠰᠬᠠᠢ ᠺᠤᠮᠠᠨᠳᠠᠯᠠᠯ  ᠤᠨ 35 ᠬᠦᠮᠦᠨ ᠦ ᠪᠦᠷᠢᠯᠳᠦᠬᠦᠨ ᠲᠡᠢ ᠪᠠᠭ ᠣᠷᠣᠯᠴᠠᠵᠤ ᠪᠠᠶᠢᠨ᠎ᠠ᠃ 《ᠬᠠᠭᠠᠨ ᠤ ᠡᠷᠢᠯ ᠳᠦ》ᠴᠡᠷᠢᠭ ᠦᠨ ᠰᠤᠷᠭᠠᠭᠤᠯᠢᠯᠠᠯᠲᠠ ᠥᠨᠥᠳᠥᠷ ᠡᠬᠢᠯᠡᠭᠰᠡᠨ ᠪᠥᠭᠡᠳ ᠳᠣᠯᠣᠳᠤᠭᠠᠷ ᠰᠠᠷ᠎ᠠ ᠶᠢᠨ ᠬᠤᠶᠠᠷ ᠬᠦᠷᠲᠡᠯ᠎ᠡ ᠦᠷᠭᠦᠯᠵᠢᠯᠡᠬᠦ ᠶᠤᠮ᠃ ᠡᠭᠦᠨ ᠳᠦ᠂ ᠠᠮᠧᠷᠢᠺᠠ ᠂ ᠡᠨᠡᠳᠬᠡᠭ᠂ ᠬᠢᠲᠠᠳ᠂ ᠺᠠᠲ᠋ᠠᠷ ᠵᠡᠷᠭᠡ 35 ᠣᠷᠣᠨ ᠤ 1100 ᠣᠷᠴᠢᠮ ᠠᠯᠪᠠ ᠬᠠᠭᠠᠭᠴᠢ ᠣᠷᠣᠯᠴᠠᠵᠤ  ᠪᠠᠢᠨ᠎ᠠ᠃

《ᠴᠡᠷᠢᠭ ᠦᠳ ᠬᠢᠯᠢ ᠶᠢᠨ ᠴᠢᠨᠠᠳᠤ ᠳ᠋ᠠᠬᠢ ᠡᠩᠬᠡ ᠶᠢ ᠰᠠᠬᠢᠭᠤᠯᠬᠤ ᠠᠵᠢᠯᠯᠠᠭᠠᠨ ᠤ ᠦᠶ᠎ᠡ ᠪᠡᠷ ᠲᠣᠬᠢᠶᠠᠯᠳᠤᠵᠤ ᠪᠣᠯᠬᠤ ᠬᠤᠪᠢᠯᠪᠤᠷᠢ ᠨᠤᠭᠤᠳ ᠤᠨ ᠳᠠᠭᠠᠤ ᠣᠯᠠᠨ ᠦᠨᠳᠦᠰᠦᠲᠡᠨ ᠦ ᠴᠡᠷᠢᠭ ᠦᠨ ᠬᠦᠴᠦᠨ ᠲᠡᠢ ᠬᠠᠮᠲᠤ ᠪᠡᠯᠡᠳᠬᠡᠯ ᠰᠤᠷᠭᠠᠭᠤᠯᠢᠯᠠᠯᠲᠠ ᠬᠢᠬᠦ ᠶᠠᠪᠤᠴᠠ ᠳᠤ ᠪᠠᠨ ᠡᠩᠬᠡ ᠶᠢ ᠰᠠᠬᠢᠭᠤᠯᠬᠤ ᠠᠵᠢᠯᠯᠠᠭ᠎ᠠ ᠶᠠᠪᠤᠭᠤᠯᠬᠤ ᠨᠢᠭᠡᠳᠦᠭᠰᠡᠨ ᠠᠵᠢᠯᠯᠠᠭᠠᠨ ᠤ ᠴᠢᠳᠠᠪᠬᠢ᠂ ᠴᠢᠳᠠᠪᠬᠢ ᠶᠢ ᠪᠡᠬᠢᠵᠢᠭᠦᠯᠬᠦ ᠪᠡᠷ ᠲᠥᠯᠥᠪᠯᠡᠵᠦ ᠪᠠᠶᠢᠨ᠎ᠠ》ᠭᠡᠵᠦ ᠡᠮᠦᠨᠡᠲᠦ ᠰᠣᠯᠣᠩᠭᠣᠰ ᠤᠨ ᠠᠷᠮᠢ ᠶᠢᠨ ᠬᠡᠪᠯᠡᠯ ᠦᠨ ᠮᠡᠳᠡᠭᠡᠨ ᠳᠦ ᠳᠤᠷᠠᠳᠴᠠᠢ᠃ ᠠᠮᠧᠷᠢᠺᠠ᠂ ᠮᠣᠩᠭᠣᠯ ᠤᠨ ᠠᠷᠮᠢ ᠬᠠᠮᠲᠤᠷᠠᠭᠰᠠᠨ ᠰᠤᠷᠭᠠᠭᠤᠯᠢᠯᠠᠯᠲᠠ ᠶᠢ 2003 ᠣᠨ ᠳᠤ ᠡᠬᠢᠯᠡᠭᠦᠯᠦᠭᠰᠡᠨ ᠪᠣᠯ ᠡᠮᠦᠨᠡᠲᠦ ᠰᠣᠯᠣᠩᠭᠣᠰ ᠤᠨ ᠠᠷᠮᠢ ᠠᠩᠬ᠎ᠠ 2006 ᠣᠨ ᠳᠤ ᠨᠢᠭᠡᠳᠦᠭᠰᠡᠨ ᠶᠤᠮ᠃

ᠰᠡᠳᠬᠢᠭᠳᠡᠯ ᠦᠯᠡᠳᠡᠭᠡᠬᠦ