《ᠣᠰᠺᠠᠷ ᠮᠠᠮᠧᠨ ᠤ ᠶᠢᠷᠲᠢᠨᠴᠦ ᠪᠠ ᠮᠣᠩᠭᠣᠯᠴᠤᠳ》ᠦᠵᠡᠰᠬᠦᠯᠡᠩ ᠨᠡᠭᠡᠭᠡᠯᠲᠡ ᠪᠡᠨ ᠬᠢᠯ᠎ᠡ | News.MN

《ᠣᠰᠺᠠᠷ ᠮᠠᠮᠧᠨ ᠤ ᠶᠢᠷᠲᠢᠨᠴᠦ ᠪᠠ ᠮᠣᠩᠭᠣᠯᠴᠤᠳ》ᠦᠵᠡᠰᠬᠦᠯᠡᠩ ᠨᠡᠭᠡᠭᠡᠯᠲᠡ ᠪᠡᠨ ᠬᠢᠯ᠎ᠡ

︽ᠴᠢᠩᠭᠢᠰ ᠬᠠᠭᠠᠨ︾ᠦᠨᠳᠦᠰᠦᠨ ᠦ ᠮᠦᠽᠧᠢ ᠳᠦ ᠥᠴᠥᠭᠡᠳᠦᠷ ᠮᠣᠩᠭᠣᠯ ᠤᠯᠤᠰ ᠨᠤᠷᠸᠠᠢ ᠶᠢᠨ ᠬᠠᠭᠠᠨᠲᠤ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠳᠤ ᠵᠣᠷᠢᠭᠤᠯᠤᠭᠰᠠᠨ《ᠣᠰᠺᠠᠷ ᠮᠠᠮᠧᠨ ᠤ ᠶᠢᠷᠲᠢᠨᠴᠦ ᠪᠠ ᠮᠣᠩᠭᠣᠯᠴᠤᠳ》 ᠰᠡᠳᠦᠪᠲᠦ ᠭᠡᠷᠡᠯ ᠵᠢᠷᠤᠭ ᠤᠨ ᠦᠵᠡᠰᠬᠦᠯᠡᠩ ᠦᠨ ᠨᠡᠭᠡᠭᠡᠯᠲᠡ ᠪᠣᠯᠤᠯ᠎ᠠ᠃
ᠨᠤᠷᠸᠠᠢ ᠶᠢᠨ ᠠᠯᠳᠠᠷᠲᠤ ᠠᠶᠠᠯᠠᠭᠴᠢ ᠣᠰᠺᠠᠷ ᠮᠠᠮᠧᠨ 1911 ᠣᠨ ᠠᠴᠠ ᠡᠬᠢᠯᠡᠨ ᠮᠣᠩᠭᠣᠯ ᠨᠤᠲᠤᠭ ᠢᠶᠠᠷ ᠠᠶᠠᠯᠠᠵᠤ᠂ ᠠᠷᠠᠳ ᠲᠦᠮᠡᠨ ᠦ ᠠᠬᠤᠢ ᠠᠮᠢᠳᠤᠷᠠᠯ ᠤᠨ ᠵᠠᠩᠰᠢᠯ᠂ ᠰᠤᠶᠤᠯ ᠤᠨ ᠲᠠᠯ᠎ᠠ ᠪᠠᠷ ᠲᠡᠮᠳᠡᠭᠯᠡᠯ  ᠬᠦᠲᠦᠯᠵᠦ᠂ ᠥᠪᠡᠷ ᠦᠨ ᠠᠪᠤᠭᠰᠠᠨ ᠭᠡᠷᠡᠯ ᠵᠢᠷᠤᠭ ᠤᠨ ᠪᠠᠶᠠᠯᠢᠭ ᠴᠤᠭᠯᠠᠭᠤᠯᠭ᠎ᠠ ᠪᠦᠲᠦᠭᠡᠭᠰᠡᠨ ᠨᠢ ᠣᠳᠣ《 ᠨᠤᠷᠸᠠᠢ ᠶᠢᠨ ᠰᠤᠶᠤᠯ ᠤᠨ ᠲᠡᠦᠬᠡ ᠶᠢᠨ ᠮᠦᠽᠧᠢ》 ᠳᠦ ᠬᠠᠳᠠᠭᠠᠯᠠᠭᠳᠠᠵᠤ ᠪᠠᠶᠢᠭ᠎ᠠ ᠶᠤᠮ᠃ ᠲᠡᠳᠡᠭᠡᠷ ᠭᠡᠷᠡᠯ ᠵᠢᠷᠤᠭ ᠤᠨ ᠪᠦᠲᠦᠭᠡᠯ ᠢ ᠡᠨᠡ ᠬᠦ ᠦᠵᠡᠰᠬᠦᠯᠡᠩ ᠳᠦ ᠳᠡᠯᠭᠡᠨ ᠲᠠᠨᠢᠯᠴᠠᠭᠤᠯᠵᠤ ᠪᠠᠶᠢᠨ᠎ᠠ᠃ ᠦᠵᠡᠰᠬᠦᠯᠡᠩ ᠵᠢᠷᠭᠤᠳᠤᠭᠠᠷ ᠰᠠᠷ᠎ᠠ ᠶᠢᠨ 25 ᠬᠦᠷᠲᠡᠯ᠎ᠡ ᠦᠷᠭᠦᠯᠵᠢᠯᠡᠨ᠎ᠡ᠃

ᠰᠡᠳᠬᠢᠭᠳᠡᠯ ᠦᠯᠡᠳᠡᠭᠡᠬᠦ