ᠢᠵᠠᠭᠤᠷ ᠤᠷᠠᠯᠢᠭ ᠢ ᠥᠪᠯᠡᠭᠦᠯᠦᠨ ᠬᠥᠭᠵᠢᠭᠦᠯᠬᠦ ᠰᠤᠷᠭᠠᠯᠲᠠ ᠪᠣᠯᠤᠨ᠎ᠠ | News.MN

ᠢᠵᠠᠭᠤᠷ ᠤᠷᠠᠯᠢᠭ ᠢ ᠥᠪᠯᠡᠭᠦᠯᠦᠨ ᠬᠥᠭᠵᠢᠭᠦᠯᠬᠦ ᠰᠤᠷᠭᠠᠯᠲᠠ ᠪᠣᠯᠤᠨ᠎ᠠ

ᠣᠯᠠᠨ ᠤᠭᠰᠠᠭᠠᠲᠠᠨ ᠤ ᠰᠤᠶᠤᠯ ᠤᠨ ᠪᠡᠶᠡᠲᠦ ᠪᠤᠰᠤ ᠥᠪ ᠢ ᠬᠠᠳᠠᠭᠠᠯᠠᠨ ᠬᠠᠮᠠᠭᠠᠯᠠᠵᠤ᠂ ᠲᠦᠭᠡᠭᠡᠨ ᠳᠡᠯᠭᠡᠷᠡᠭᠦᠯᠬᠦ᠂ ᠥᠪᠯᠡᠭᠦᠯᠬᠦ ᠵᠠᠮ ᠢᠶᠠᠷ ᠰᠤᠶᠤᠯ ᠤᠨ ᠥᠪ ᠦᠨ ᠳᠠᠷᠬᠠᠯᠠᠭ᠎ᠠ ᠶᠢ ᠪᠤᠢ ᠪᠣᠯᠭᠠᠬᠤ ᠵᠣᠷᠢᠯᠭ᠎ᠠ ᠪᠠᠷ ᠬᠤᠪᠳᠤ ᠠᠢᠮᠠᠭ ᠤᠨ ᠬᠢᠨ 6 ᠳ᠋ᠤᠭᠠᠷ ᠰᠠᠷ᠎ᠠ ᠶᠢᠨ 21  ᠡᠴᠡ 7 ᠳ᠋ᠤᠭᠠᠷ ᠰᠠᠷ᠎ᠠ ᠶᠢᠨ ᠲᠠᠪᠤ ᠬᠦᠷᠲᠡᠯᠡᠬᠢ ᠬᠤᠭᠤᠴᠠᠭᠠᠨ ᠳᠤ ᠤᠷᠲᠤ ᠶᠢᠨ ᠪᠣᠯᠤᠨ ᠠᠷᠠᠳ ᠤᠨ ᠪᠣᠭᠣᠨᠢ ᠳᠠᠭᠤᠤ᠂ ᠤᠷᠠᠨ ᠨᠤᠭᠤᠷᠠᠯᠲᠠ᠂ ᠬᠦᠭᠡᠮᠢ᠂  ᠪᠡᠶ᠎ᠡ ᠪᠡᠶᠡᠯᠡᠭᠡ᠂ ᠢᠺᠧᠯ᠂ ᠮᠣᠷᠢᠨ ᠬᠤᠭᠤᠷ ᠬᠥᠭᠵᠢᠮ ᠦᠨ ᠲᠥᠷᠥᠯ ᠢᠶᠡᠷ ᠰᠤᠷᠭᠠᠯᠲᠠ ᠵᠤᠬᠢᠶᠠᠨ ᠪᠠᠢᠭᠤᠯᠤᠨ᠎ᠠ᠃
ᠢᠷᠭᠡᠳ ᠰᠣᠨᠢᠷᠬᠠᠭᠰᠠᠨ ᠲᠥᠷᠥᠯ ᠢᠶᠡᠷ ᠢᠶᠡᠨ ᠮᠡᠷᠭᠡᠵᠢᠯ ᠦᠨ ᠪᠠᠭᠰᠢ ᠲᠠᠢ ᠰᠤᠷᠭᠠᠯᠲᠠ ᠳᠤ ᠦᠨ᠎ᠡ ᠲᠥᠯᠦᠪᠦᠷᠢ ᠦᠭᠡᠢ ᠰᠤᠷᠤᠯᠴᠠᠵᠤ᠂ ᠴᠢᠨᠠᠭᠰᠢᠳᠠ ᠤᠷᠠᠯᠢᠭ᠂ ᠰᠤᠶᠤᠯ ᠤᠨ ᠦᠢᠯᠡ ᠠᠵᠢᠯᠯᠠᠭᠠᠨ ᠳᠤ ᠤᠷᠤᠯᠴᠠᠬᠤ ᠪᠦᠷᠢᠨ ᠪᠣᠯᠤᠮᠵᠢ ᠲᠠᠢ᠃ ᠰᠤᠷᠭᠠᠯᠲᠠ ᠳᠤ ᠬᠠᠮᠤᠷᠤᠭᠳᠠᠬᠤ ᠬᠦᠰᠡᠯ ᠲᠡᠢ ᠢᠷᠭᠡᠳ ᠲᠦ ᠬᠣᠪᠳᠣ ᠠᠶᠢᠮᠠᠭ ᠤᠨ ᠵᠢᠷᠭᠠᠯᠠᠩᠲᠤ ᠰᠤᠮᠤ ᠶᠢᠨ ᠪᠠᠭ ᠤᠨ ᠵᠠᠰᠠᠭ ᠳᠠᠷᠤᠭ᠎ᠠ᠂ ᠨᠡᠶᠢᠭᠡᠮ ᠤᠨ ᠠᠵᠢᠯᠲᠠᠳ ᠬᠣᠯᠪᠣᠭᠳᠠᠬᠤ ᠮᠡᠳᠡᠭᠡᠯᠡᠯ ᠢ ᠥᠭᠴᠦ ᠪᠦᠷᠢᠳᠬᠡᠯ ᠬᠢᠵᠦ ᠪᠠᠶᠢᠨ᠎ᠠ᠃

ᠰᠡᠳᠬᠢᠭᠳᠡᠯ ᠦᠯᠡᠳᠡᠭᠡᠬᠦ