ᠬᠡᠦᠬᠡᠳ ᠦᠨ ᠰᠫᠣᠷᠲ ᠤᠨ ᠵᠤᠨ ᠤ  ᠳᠤᠯᠤᠳᠤᠭᠠᠷ ᠨᠠᠭᠠᠳᠤᠮ ᠡᠬᠢᠯᠡᠯ᠎ᠡ | News.MN

ᠬᠡᠦᠬᠡᠳ ᠦᠨ ᠰᠫᠣᠷᠲ ᠤᠨ ᠵᠤᠨ ᠤ  ᠳᠤᠯᠤᠳᠤᠭᠠᠷ ᠨᠠᠭᠠᠳᠤᠮ ᠡᠬᠢᠯᠡᠯ᠎ᠡ

ᠮᠣᠩᠭᠣᠯ ᠤᠨ ᠬᠡᠦᠬᠡᠳ ᠦᠨ ᠰᠫᠣᠷᠲ ᠤᠨ ᠵᠤᠨ ᠤ ᠳᠤᠯᠤᠳᠤᠭᠠᠷ ᠨᠠᠭᠠᠳᠤᠮ ᠪᠠᠶᠠᠨᠬᠣᠩᠭᠣᠷ ᠠᠶᠢᠮᠠᠭ ᠲᠤ ᠡᠬᠢᠯᠡᠯ᠎ᠡ᠃ ᠶᠡᠷᠦᠩᠬᠡᠢ ᠰᠠᠶᠢᠳ᠂ ᠬᠡᠦᠬᠡᠳ ᠦᠨ ᠲᠥᠯᠥᠭᠡ ᠦᠨᠳᠦᠰᠦᠨ ᠦ ᠵᠥᠪᠯᠡᠯ ᠦᠨ ᠳᠠᠷᠤᠭ᠎ᠠ ᠯ ∙ ᠤᠶᠤᠡᠡᠷᠳᠡᠨᠢ ᠨᠠᠭᠠᠳᠤᠮ ᠢ ᠨᠡᠭᠡᠭᠡᠵᠦ ᠦᠭᠡ ᠬᠡᠯᠡᠬᠦ ᠳᠦ ᠪᠡᠨ᠂ ᠵᠠᠰᠠᠭ ᠤᠨ ᠭᠠᠵᠠᠷ ᠮᠣᠩᠭᠣᠯ ᠤᠨ ᠬᠡᠦᠬᠡᠳ ᠦᠨ ᠰᠫᠣᠷᠲ ᠤᠨ ᠨᠠᠭᠠᠳᠤᠮ ᠢ ᠬᠣᠶᠠᠷ ᠵᠢᠯ ᠲᠤᠲᠤᠮ ᠳᠤ ᠵᠣᠬᠢᠶᠠᠨ ᠪᠠᠶᠢᠭᠤᠯᠬᠤ ᠪᠠᠷ ᠰᠢᠢᠳᠪᠦᠷᠢᠯᠡᠭᠰᠡᠨ ᠡᠴᠡ ᠬᠣᠶᠢᠰᠢ ᠡᠨᠡ ᠵᠢᠯ ᠣᠷᠣᠨ ᠨᠤᠲᠤᠭ ᠲᠤ ᠠᠩᠬ᠎ᠠ ᠤᠳᠠᠭ᠎ᠠ᠂ ᠣᠯᠠᠨ ᠤᠯᠤᠰ ᠤᠨ ᠰᠫᠣᠷᠲ ᠤᠨ ᠨᠠᠭᠠᠳᠤᠮ ᠤᠨ ᠵᠢᠱᠢᠭ ᠢᠶᠡᠷ ᠵᠣᠬᠢᠶᠠᠨ ᠪᠠᠶᠢᠭᠤᠯᠤᠭᠳᠠᠵᠤ ᠪᠠᠶᠢᠭ᠎ᠠ ᠶᠢ ᠲᠡᠮᠳᠡᠭᠯᠡᠪᠡ᠃
ᠠᠩᠬᠠᠨ ᠱᠠᠲᠤᠨ ᠳᠤ 21 ᠠᠶᠢᠮᠠᠭ᠂ ᠶᠢᠰᠦᠨ ᠳᠡᠭᠦᠷᠭᠡ ᠶᠢᠨ 43 ᠮᠢᠩᠭ᠎ᠠ ᠭᠠᠷᠤᠢ ᠥᠰᠪᠦᠷᠢ ᠶᠢᠨ ᠲᠠᠮᠢᠷᠴᠢᠨ ᠥᠷᠢᠰᠦᠯᠳᠦᠭᠰᠡᠨ ᠡᠴᠡ 5000 ᠭᠠᠷᠤᠢ ᠲᠠᠮᠢᠷᠴᠢᠨ ᠰᠢᠯᠭᠠᠷᠠᠵᠤ᠂ ᠲᠤᠰ ᠨᠠᠭᠠᠳᠤᠮ ᠳᠤ ᠣᠷᠣᠯᠴᠠᠵᠤ ᠪᠠᠶᠢᠨ᠎ᠠ᠃ ᠡᠨᠡ ᠬᠦ ᠨᠠᠭᠠᠳᠤᠮ ᠨᠢ ᠣᠶᠤᠨ ᠰᠠᠨᠠᠭ᠎ᠠ᠂ ᠪᠡᠶ᠎ᠡ ᠪᠢᠯᠳᠠᠷ᠂ ᠶᠣᠰᠣ ᠰᠤᠷᠲᠠᠬᠤᠨ᠂ ᠬᠦᠮᠦᠵᠢᠯ ᠦᠨ ᠬᠤᠪᠢ ᠳᠤ ᠠᠯᠤᠰ ᠤᠨ ᠬᠠᠷᠠᠭ᠎ᠠ ᠲᠠᠢ᠂ ᠢᠷᠡᠭᠡᠳᠦᠢ ᠶᠢᠨ ᠮᠣᠩᠭᠣᠯ ᠢ ᠪᠦᠲᠦᠭᠡᠬᠦ ᠤᠷᠮ᠎ᠠ ᠵᠣᠷᠢᠭ ᠢ ᠪᠠᠳᠠᠷᠠᠭᠠᠬᠤ ᠡᠷᠬᠢᠮ ᠵᠤᠷᠢᠯᠭ᠎ᠠ ᠲᠠᠢ ᠶᠢ ᠶᠡᠷᠦᠩᠬᠡᠢ ᠰᠠᠶᠢᠳ ᠣᠨᠴᠠᠯᠠᠭᠠᠳ ᠬᠣᠭᠣᠷᠣᠨᠳᠣ ᠪᠠᠨ ᠥᠷᠢᠰᠦᠯᠳᠦᠵᠦ᠂ ᠬᠡᠨ ᠨᠢᠭᠡ ᠨᠢ ᠢᠯᠠᠭᠴᠢ ᠪᠣᠯᠬᠤ ᠠᠴᠠ ᠢᠯᠡᠭᠦᠦ ᠥᠪᠡᠷ ᠢ ᠪᠡᠨ ᠢᠯᠠᠵᠤ ᠢᠷᠡᠭᠰᠡᠨ ᠳᠦ ᠨᠢ ᠥᠰᠪᠦᠷᠢ ᠶᠢᠨ ᠲᠠᠮᠢᠷᠴᠢᠳ ᠲᠤ ᠪᠠᠶᠠᠷ ᠬᠦᠷᠭᠡᠵᠦ᠂ ᠠᠮᠵᠢᠯᠲᠠ ᠬᠦᠰᠡᠯ᠎ᠡ᠃

ᠰᠡᠳᠬᠢᠭᠳᠡᠯ ᠦᠯᠡᠳᠡᠭᠡᠬᠦ