ᠨᠡᠶᠢᠭᠡᠮ ᠤᠨ ᠳᠠᠭᠠᠳᠬᠠᠯ ᠤᠨ ᠶᠡᠷᠦᠩᠬᠡᠢ ᠭᠠᠵᠠᠷ ᠤᠨ ᠨᠡᠶᠢᠭᠡᠮ ᠤᠨ ᠳᠠᠭᠠᠳᠬᠠᠯ ᠤᠨ ᠰᠢᠮᠡᠳᠭᠡᠯ ᠲᠥᠯᠦᠯᠲᠡ ᠶᠢᠨ ᠲᠠᠢᠯᠤᠨ ᠳᠤ ᠡᠨᠡ ᠣᠨ ᠤ ᠨᠢᠭᠡᠳᠦᠭᠡᠷ ᠤᠯᠠᠷᠢᠯ ᠳᠤ 49.3 ᠮᠢᠩᠭᠠᠨ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ 736.8 ᠮᠢᠩᠭᠠᠨ ᠠᠵᠢᠯᠯᠠᠭᠴᠢ ᠬᠠᠮᠤᠷᠤᠭᠳᠠᠵᠠᠢ᠃
ᠲᠡᠳᠡᠨ ᠦ ᠰᠠᠷ᠎ᠠ ᠶᠢᠨ ᠭᠣᠣᠯᠴᠢ ᠴᠠᠯᠢᠩ 1.3 ᠰᠠᠶ᠎ᠠ ᠲᠥᠭᠥᠷᠢᠭ ᠪᠤᠯᠵᠤ᠂ ᠡᠮᠦᠨᠡᠬᠢ ᠤᠯᠠᠷᠢᠯ ᠠᠴᠠ 67︵5.3%︶ᠮᠢᠩᠭᠠᠨ ᠲᠥᠭᠥᠷᠢᠭ ᠢᠶᠡᠷ ᠨᠡᠮᠡᠭᠳᠡᠭᠰᠡᠨ ᠪᠠᠶᠢᠨ᠎ᠠ᠃ ᠨᠢᠭᠡ ᠠᠵᠢᠯᠲᠠᠨ ᠳᠤ ᠨᠣᠭᠳᠠᠬᠤ ᠰᠠᠷ᠎ᠠ ᠶᠢᠨ ᠳᠤᠮᠳᠠᠴᠢ ᠴᠠᠯᠢᠩ 1.8 ᠰᠠᠶ᠎ᠠ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶᠡᠰ 380︵26.3%︶ᠮᠢᠩᠭᠠᠨ ᠲᠥᠭᠥᠷᠢᠭ ᠢᠶᠡᠷ᠂ ᠡᠮᠦᠨᠡᠬᠢ ᠤᠯᠠᠷᠢᠯ ᠠᠴᠠ 80︵4.6 %︶ᠮᠢᠩᠭᠠᠨ ᠲᠥᠭᠥᠷᠢᠭ ᠢᠶᠡᠷ ᠨᠡᠮᠡᠭᠳᠡᠵᠡᠢ᠃