ᠮᠣᠩᠭᠣᠯ᠂ ᠺᠠᠲ᠋ᠠᠷ ᠤᠨ ᠬᠣᠭᠣᠷᠣᠨᠳᠣ ᠬᠠᠷᠢᠯᠴᠠᠨ ᠸᠢᠰᠠ ᠦᠭᠡᠢ ᠵᠤᠷᠴᠢᠨ᠎ᠡ | News.MN

ᠮᠣᠩᠭᠣᠯ᠂ ᠺᠠᠲ᠋ᠠᠷ ᠤᠨ ᠬᠣᠭᠣᠷᠣᠨᠳᠣ ᠬᠠᠷᠢᠯᠴᠠᠨ ᠸᠢᠰᠠ ᠦᠭᠡᠢ ᠵᠤᠷᠴᠢᠨ᠎ᠡ

ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠺᠠᠲ᠋ᠠᠷ ᠤᠯᠤᠰ ᠤᠨ ᠭᠠᠳᠠᠭᠠᠳᠤ ᠬᠡᠷᠡᠭ ᠦᠨ ᠶᠠᠮᠤᠨ ᠬᠣᠭᠣᠷᠣᠨᠳᠣ ᠶᠢᠨ ᠤᠯᠤᠰ ᠲᠥᠷᠥ ᠶᠢᠨ ᠬᠤᠶᠠᠳᠤᠭᠠᠷ ᠵᠥᠪᠯᠡᠯᠳᠦᠬᠦ ᠠᠭᠤᠯᠵᠠᠯᠲᠠ ᠪᠠᠷ ᠪᠦᠬᠦ ᠲᠥᠷᠥᠯ ᠦᠨ ᠫᠠᠰᠫᠣᠷᠲ ᠡᠵᠡᠮᠰᠢᠭᠴᠢᠳ ᠢ ᠬᠠᠷᠢᠯᠴᠠᠨ ᠸᠢᠰᠠ ᠶᠢᠨ ᠱᠠᠭᠠᠷᠳᠠᠯᠭ᠎ᠠ ᠠᠴᠠ ᠴᠢᠯᠦᠭᠡᠯᠡᠬᠦ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢ ᠡᠨᠡ ᠤᠨ ᠳᠤ ᠪᠠᠨ ᠪᠠᠭᠲᠠᠭᠠᠨ ᠪᠠᠶᠢᠭᠤᠯᠬᠤ ᠪᠠᠷ ᠲᠣᠬᠢᠷᠠᠯᠴᠠᠪᠠ᠃
ᠵᠥᠪᠯᠡᠯᠳᠦᠬᠦ ᠠᠭᠤᠯᠵᠠᠯᠲᠠ ᠶᠢ ᠮᠣᠩᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ∙ᠠᠩᠬᠠᠪᠠᠶᠠᠷ᠂ ᠺᠠᠲ᠋ᠠᠷ ᠤᠨ ᠲᠠᠯ᠎ᠠ ᠠᠴᠠ ᠲᠤᠰ ᠤᠯᠤᠰ ᠤᠨ ᠭᠠᠳᠠᠭᠠᠳᠤ ᠬᠡᠷᠡᠭ ᠦᠨ ᠶᠠᠮᠤᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠾᠮᠠᠳ᠋ ᠬᠠᠰᠰᠠᠨ ᠠᠯᠢ ᠬᠠᠮᠮᠠᠳᠢ ᠬᠠᠮᠲᠤᠷᠠᠨ ᠳᠠᠷᠤᠭᠠᠯᠠᠭᠰᠠᠨ ᠶᠤᠮ᠃ ᠡᠨᠡ ᠦᠶ᠎ᠡ ᠪᠡᠷ ᠺᠠᠲ᠋ᠠᠷ ᠤᠨ ᠬᠢᠨ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠨᠡᠮᠡᠭᠳᠡᠭᠦᠯᠬᠦ᠂ ᠮᠣᠩᠭᠣᠯ ᠤᠨ ᠡᠳ᠋  ᠦᠨ ᠵᠠᠰᠠᠭ ᠲᠤ ᠬᠥᠷᠥᠩᠭᠡ ᠤᠷᠤᠭᠤᠯᠬᠤ ᠪᠣᠯᠤᠮᠵᠢ᠂ ᠪᠣᠯᠤᠯᠴᠠᠭ᠎ᠠ ᠶᠡᠬᠡᠬᠡᠨ ᠪᠠᠶᠢᠭ᠎ᠠ ᠶᠢ ᠣᠨᠴᠠᠯᠠᠵᠠᠢ᠃

ᠰᠡᠳᠬᠢᠭᠳᠡᠯ ᠦᠯᠡᠳᠡᠭᠡᠬᠦ