ᠨᠡᠶᠢᠰᠯᠡᠯ ᠦᠨ ᠨᠤᠲᠤᠭ ᠳᠡᠪᠢᠰᠬᠡᠷ ᠲᠦ ᠤᠰᠤᠨ ᠤ ᠲᠣᠭ᠎ᠠ ᠪᠦᠷᠢᠳᠬᠡᠯ ᠬᠢᠵᠦ ᠪᠠᠶᠢᠨ᠎ᠠ | News.MN

ᠨᠡᠶᠢᠰᠯᠡᠯ ᠦᠨ ᠨᠤᠲᠤᠭ ᠳᠡᠪᠢᠰᠬᠡᠷ ᠲᠦ ᠤᠰᠤᠨ ᠤ ᠲᠣᠭ᠎ᠠ ᠪᠦᠷᠢᠳᠬᠡᠯ ᠬᠢᠵᠦ ᠪᠠᠶᠢᠨ᠎ᠠ

ᠨᠡᠶᠢᠰᠯᠡᠯ ᠦᠨ ᠪᠠᠶᠢᠭᠠᠯᠢ ᠣᠷᠴᠢᠨ ᠤ ᠭᠠᠵᠠᠷ ᠤᠨ ᠤᠰᠤᠨ ᠤ ᠠᠰᠠᠭᠤᠳᠠᠯ ᠬᠠᠷᠢᠭᠤᠴᠠᠭᠰᠠᠨ ᠮᠡᠷᠭᠡᠵᠢᠯᠲᠡᠨ ᠪᠣᠯᠤᠨ ᠳᠡᠭᠦᠷᠭᠡ ᠨᠦᠭᠦᠳ ᠦᠨ ᠪᠠᠶᠢᠭᠠᠯᠢ ᠬᠠᠮᠠᠭᠠᠯᠠᠭᠴᠢ ᠨᠠᠷ ᠲᠠᠢ ᠬᠠᠮᠲᠤᠷᠠᠨ《ᠤᠰᠤᠨ ᠤ ᠲᠣᠭ᠎ᠠ ᠪᠦᠷᠢᠳᠬᠡᠯ》 ᠦᠨ ᠬᠡᠭᠡᠷ᠎ᠡ ᠶᠢᠨ ᠰᠤᠳᠤᠯᠭᠠᠨ ᠤ ᠠᠵᠢᠯ ᠢ ᠡᠬᠢᠯᠡᠭᠦᠯᠵᠤ᠂ ᠨᠡᠶᠢᠰᠯᠡᠯ ᠦᠨ ᠶᠢᠰᠦᠨ ᠳᠡᠭᠦᠷᠭᠡ ᠶᠢᠨ ᠨᠤᠲᠤᠭ ᠳᠡᠪᠢᠰᠬᠡᠷ ᠲᠤ ᠬᠢ ᠤᠰᠤᠨ ᠤ ᠰᠠᠩ ᠪᠦᠬᠦᠢ ᠭᠠᠵᠠᠷ᠂ ᠤᠰᠤᠳᠤ ᠴᠡᠭ ᠪᠣᠯᠤᠨ ᠤᠰᠤᠨ ᠤ ᠪᠠᠷᠢᠯᠭ᠎ᠠ ᠪᠠᠶᠢᠭᠤᠯᠤᠮᠵᠢ ᠨᠤᠭᠤᠳ ᠤᠨ ᠡᠮᠦᠨᠡᠬᠢ ᠮᠡᠳᠡᠭᠡᠯᠡᠯ ᠢ ᠰᠢᠨᠡᠳᠭᠡᠬᠦ᠂ ᠭᠣᠣᠯ ᠭᠤᠷᠤᠬ᠎ᠠ᠂ ᠪᠤᠯᠠᠭ ᠱᠠᠩᠳᠠ᠂ ᠨᠠᠭᠤᠷ ᠲᠣᠭᠣᠷᠢᠮ ᠤᠨ ᠤᠰᠤ  ᠶᠢ ᠬᠠᠰᠢᠵᠤ ᠬᠠᠮᠠᠭᠠᠯᠠᠬᠤ ᠱᠠᠭᠠᠷᠳᠠᠯᠭ᠎ᠠ ᠲᠠᠢ ᠡᠰᠡᠬᠦ᠂ ᠰᠢᠨ᠎ᠡ ᠪᠡᠷ ᠭᠠᠷᠭᠠᠭᠰᠠᠨ ᠬᠤᠳᠳᠤᠭ᠂ ᠬᠢᠮᠡᠯ ᠤᠰᠤᠨ ᠰᠠᠩ᠂ ᠬᠦᠪ ᠴᠥᠭᠦᠷᠦᠮ ᠭᠡᠬᠦ ᠮᠡᠲᠦ ᠮᠡᠳᠡᠭᠡ ᠮᠡᠳᠡᠭᠡᠯᠡᠯ ᠢ ᠪᠦᠷᠢᠳᠦᠭᠦᠯᠬᠦ ᠠᠵᠢᠯ ᠤᠳ ᠢ ᠬᠢᠬᠦ ᠶᠤᠮ ᠪᠠᠶᠢᠨ᠎ᠠ᠃
ᠮᠥᠨ ᠡᠳᠡᠭᠡᠷ ᠲᠣᠭᠠᠨ ᠮᠡᠳᠡᠭᠡᠯᠡᠯ ᠳᠦ ᠦᠨᠳᠦᠰᠦᠯᠡᠨ ᠤᠰᠤᠨ ᠤ ᠮᠡᠳᠡᠭᠡᠯᠡᠯ ᠦᠨ ᠳᠡᠳ᠋ ᠰᠠᠩ ᠪᠣᠯᠤᠨ ᠨᠡᠶᠢᠰᠯᠡᠯ ᠦᠨ ᠨᠤᠲᠤᠭ ᠳᠡᠪᠢᠰᠬᠡᠷ  ᠲᠦ ᠬᠢ ᠤᠰᠤ ᠵᠦᠢ ᠶᠢᠨ ᠵᠢᠷᠤᠭ ᠢ ᠰᠢᠨᠡᠴᠢᠯᠡᠨ ᠭᠠᠷᠭᠠᠵᠤ᠂ ᠲᠠᠢᠯᠤᠨ ᠢ ᠨᠡᠶᠢᠰᠯᠡᠯ ᠦᠨ ᠪᠠᠶᠢᠭᠠᠯᠢ ᠣᠷᠴᠢᠨ ᠤ ᠭᠠᠵᠠᠷ ᠲᠤ ᠬᠦᠯᠢᠶᠡᠯᠭᠡᠨ ᠥᠭᠬᠦ ᠪᠡᠷ ᠲᠥᠯᠥᠪᠯᠡᠵᠡᠢ᠃

ᠰᠡᠳᠬᠢᠭᠳᠡᠯ ᠦᠯᠡᠳᠡᠭᠡᠬᠦ