ᠬᠢᠭᠢᠯᠢᠴᠢ ᠭ ∙ ᠭᠠᠩᠰᠦ᠋ᠯᠳᠡ ᠮᠥᠩᠭᠥᠨ ᠱᠠᠩᠨᠠᠯ ᠣᠯᠭᠤᠨ᠎ᠠ | News.MN

 ᠬᠢᠭᠢᠯᠢᠴᠢ ᠭ ∙ ᠭᠠᠩᠰᠦ᠋ᠯᠳᠡ ᠮᠥᠩᠭᠥᠨ ᠱᠠᠩᠨᠠᠯ ᠣᠯᠭᠤᠨ᠎ᠠ

ᠮᠣᠩᠭᠣᠯ ᠤᠯᠤᠰ ᠤᠨ ᠺᠣᠨᠰᠧᠷᠠᠸᠠᠲ᠋ᠣᠷ ᠤᠨ ᠰᠣᠩᠭᠣᠳᠠᠭ ᠬᠥᠭᠵᠢᠮ ᠦᠨ ᠮᠡᠷᠭᠡᠵᠢᠯ ᠦᠨ ᠰᠤᠷᠭᠠᠭᠤᠯᠢ ᠶᠢᠨ ᠰᠤᠷᠤᠭᠴᠢ ᠭ ∙ ᠭᠠᠩᠰᠦ᠋ᠯᠳᠡ ᠳᠤ 9 ᠰᠠᠶ᠎ᠠ ᠲᠥᠭᠥᠷᠢᠭ ᠦᠨ ᠮᠥᠩᠭᠥᠨ ᠱᠠᠩᠨᠠᠯ ᠣᠯᠭᠤᠬᠤ ᠪᠠᠷ ᠪᠣᠯᠵᠠᠢ᠃ ᠲᠡᠷᠡᠪᠡᠷ ᠴᠧᠾ ᠤᠯᠤᠰ ᠲᠤ 5 ᠳ᠋ᠤᠭᠠᠷ ᠰᠠᠷ᠎ᠠ ᠶᠢᠨ 3-6  ᠳᠦ ᠵᠣᠬᠢᠶᠠᠨ ᠪᠠᠶᠢᠭᠤᠯᠤᠭᠰᠠᠨ ᠺᠣᠰᠢᠶᠠᠨ ᠤ ᠨᠡᠷᠡᠮᠵᠢᠲᠦ ᠣᠯᠠᠨ ᠤᠯᠤᠰ ᠤᠨ ᠵᠠᠯᠠᠭᠤ ᠬᠢᠭᠢᠯᠢᠴᠢᠳ ᠦᠨ 65  ᠳ᠋ᠡᠬᠢ ᠤᠳᠠᠭ᠎ᠠ ᠶᠢᠨ ᠤᠷᠤᠯᠳᠤᠭᠠᠨ ᠳᠤ ᠭᠤᠷᠪᠠᠳᠤᠭᠠᠷ ᠪᠠᠶᠢᠷᠢ ᠡᠵᠡᠯᠡᠵᠦ᠂ ᠵᠠᠰᠠᠭ ᠤᠨ ᠭᠠᠵᠠᠷ ᠤᠨ 120 ᠳ᠋ᠤᠭᠠᠷ ᠲᠣᠭᠲᠠᠭᠠᠯ ᠳᠤ ᠵᠢᠭᠠᠭᠰᠠᠨ ᠮᠥᠩᠭᠥᠨ ᠱᠠᠩᠨᠠᠯ ᠬᠦᠷᠲᠡᠬᠦ ᠪᠣᠯᠵᠣᠯ ᠢ ᠬᠠᠩᠭᠠᠭᠰᠠᠨ ᠶᠤᠮ᠃
ᠮᠣᠩᠭᠣᠯ ᠤᠯᠤᠰ ᠤᠨ ᠵᠠᠰᠠᠭ ᠤᠨ ᠭᠠᠵᠠᠷ ᠤᠨ 2008 ᠣᠨ ᠤ 120 ᠳ᠋ᠤᠭᠠᠷ ᠲᠣᠭᠲᠠᠭᠠᠯ ᠢᠶᠠᠷ《ᠣᠯᠠᠨ ᠤᠯᠤᠰ ᠤᠨ ᠬᠡᠮᠵᠢᠶᠡᠨ ᠳᠦ ᠵᠣᠬᠢᠶᠠᠭᠳᠠᠳᠠᠭ ᠰᠤᠶᠤᠯ᠂ ᠤᠷᠠᠯᠢᠭ ᠤᠨ ᠶᠡᠬᠡ ᠨᠠᠭᠠᠳᠤᠮ᠂ ᠤᠷᠤᠯᠳᠤᠭᠠᠨ᠂ ᠦᠵᠡᠰᠬᠦᠯᠡᠩ᠂ ᠨᠣᠮ ᠤᠨ ᠶᠠᠭᠠᠷᠮᠠᠭ ᠲᠤ ᠣᠷᠣᠯᠴᠠᠵᠤ ᠣᠨᠴᠠᠭᠠᠢ ᠠᠮᠵᠢᠯᠲᠠ ᠭᠠᠷᠭᠠᠭᠰᠠᠨ ᠰᠤᠶᠤᠯ ᠤᠨ ᠠᠵᠢᠯᠲᠠᠨ᠂ ᠤᠷᠠᠨ ᠪᠦᠲᠦᠭᠡᠯᠴᠢᠳ ᠲᠦ ᠮᠥᠩᠭᠥᠨ ᠱᠠᠩᠨᠠᠯ ᠣᠯᠭᠣᠬᠤ ᠵᠢᠷᠤᠮ》  ᠢ ᠪᠠᠲᠤᠯᠠᠭᠰᠠᠨ ᠪᠠᠶᠢᠳᠠᠭ᠃

ᠰᠡᠳᠬᠢᠭᠳᠡᠯ ᠦᠯᠡᠳᠡᠭᠡᠬᠦ