ᠵᠠᠰᠠᠭ ᠤᠨ ᠭᠠᠵᠠᠷ ᠤᠨ ᠥᠨᠥᠳᠥᠷ ᠦᠨ ᠡᠭᠡᠯᠵᠢᠲᠦ ᠬᠤᠷᠠᠯᠳᠤᠭᠠᠨ ᠢᠶᠠᠷ︽ᠬᠥᠷᠥᠩᠭᠡ ᠣᠷᠣᠭᠤᠯᠤᠯᠲᠠ ᠶᠢᠨ ᠲᠤᠬᠠᠢ︾ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠢ ᠬᠡᠯᠡᠯᠴᠡᠯ᠎ᠡ᠃ ᠲᠣᠳᠣᠷᠠᠭᠤᠯᠪᠠᠯ᠂ ᠬᠥᠷᠥᠩᠭᠡ ᠣᠷᠣᠭᠤᠯᠤᠯᠲᠠ ᠶᠢᠨ ᠣᠷᠴᠢᠨ ᠢ ᠰᠠᠶᠢᠵᠢᠷᠠᠭᠤᠯᠬᠤ ᠵᠣᠷᠢᠯᠭ᠎ᠠ ᠪᠠᠷ ︽ᠬᠥᠷᠥᠩᠭᠡ ᠣᠷᠣᠭᠤᠯᠤᠯᠲᠠ ᠶᠢᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠠᠰᠠᠭᠤᠳᠠᠯ ᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠰᠢᠢᠳᠪᠦᠷᠢᠯᠡᠭᠰᠡᠨ ᠲᠠᠯ᠎ᠠ ᠪᠠᠷ ᠡᠳ᠋ ᠤᠨ ᠵᠠᠰᠠᠭ ᠤᠨ ᠬᠥᠭᠵᠢᠯ ᠦᠨ ᠰᠠᠶᠢᠳ ᠴ ∙ ᠬᠦᠷᠡᠯᠪᠠᠭᠠᠲᠤᠷ ᠮᠡᠳᠡᠭᠡᠯᠡᠯ᠎ᠡ᠃
ᠲᠡᠷᠡ ᠬᠡᠯᠡᠬᠦ ᠳᠦ ᠪᠡᠨ᠂ ᠬᠥᠷᠥᠩᠭᠡ ᠣᠷᠣᠭᠤᠯᠤᠭᠴᠢᠳ ᠤᠨ ᠭᠠᠷᠭᠠᠭᠰᠠᠨ ᠭᠣᠮᠣᠳᠠᠯ ᠢ ᠬᠡᠷᠬᠢᠨ ᠰᠢᠢᠳᠪᠦᠷᠢᠯᠡᠬᠦ ᠪᠤᠢ ᠭᠡᠳᠡᠭ ᠠᠰᠠᠭᠤᠳᠠᠯ ᠴᠢᠬᠤᠯᠠ ᠪᠠᠶᠢᠨ᠎ᠠ᠃ ᠬᠥᠷᠥᠩᠭᠡ ᠪᠡᠨ ᠣᠷᠣᠭᠤᠯᠴᠢᠬᠠᠭᠠᠳ 16 ᠵᠢᠯ ᠰᠢᠭᠦᠬᠦ ᠪᠡᠷ ᠶᠠᠪᠤᠭᠰᠠᠨ ᠬᠥᠷᠥᠩᠭᠡ ᠣᠷᠣᠭᠤᠯᠤᠭᠴᠢ ᠪᠠᠶᠢᠨ᠎ᠠ᠃ ᠲᠡᠶᠢᠮᠦ ᠡᠴᠡ ᠬᠠᠤᠯᠢ ᠶᠢᠨ ᠲᠥᠰᠥᠯ ᠳᠦ ᠬᠥᠷᠥᠩᠭᠡ ᠣᠷᠣᠭᠤᠯᠤᠭᠴᠢ ᠨᠠᠷ ᠲᠤ ᠮᠠᠷᠭᠤᠭᠠᠨ ᠲᠠᠢ ᠠᠰᠠᠭᠤᠳᠠᠯ ᠡᠭᠦᠰᠴᠦ ᠭᠠᠷᠪᠠᠯ ᠡᠨᠡ ᠬᠠᠤᠯᠢ ᠪᠠᠷ ᠢᠶᠠᠨ ᠰᠢᠢᠳᠪᠦᠷᠢᠯᠡᠬᠦ ᠵᠣᠬᠢᠴᠠᠭᠤᠯᠤᠯᠲᠠ ᠶᠢ ᠬᠠᠤᠯᠢ ᠶᠢᠨ ᠲᠥᠰᠥᠯ ᠳᠦ ᠲᠤᠰᠬᠠᠭᠰᠠᠨ᠃ ᠬᠥᠷᠥᠩᠭᠡ ᠣᠷᠣᠭᠤᠯᠤᠭᠴᠢ ᠶᠢᠨ ᠮᠠᠷᠭᠤᠭᠠᠨ ᠢ ᠰᠢᠢᠳᠪᠦᠷᠢᠯᠡᠬᠦ ᠵᠥᠪᠯᠡᠯ ᠪᠠᠶᠢᠭᠤᠯᠤᠨ᠎ᠠ ᠭᠡᠯᠡ᠃
ᠮᠣᠩᠭᠣᠯ ᠤᠯᠤᠰ ᠲᠤ ᠬᠥᠷᠥᠩᠭᠡ ᠣᠷᠣᠭᠤᠯᠬᠤ ᠶᠢᠨ ᠲᠤᠯᠠᠳᠠ ᠳᠠᠩᠰᠠᠨ ᠳᠤ ᠪᠠᠨ 100 ᠮᠢᠩᠭᠠᠨ ᠳ᠋ᠣᠯᠯᠠᠷ ᠪᠠᠶᠢᠷᠢᠰᠢᠭᠤᠯᠤᠨ᠎ᠠ ᠭᠡᠰᠡᠨ ᠪᠤᠱᠤᠭ᠎ᠠ ᠶᠢ ᠪᠠᠶᠢᠬᠤ ᠦᠭᠡᠢ ᠪᠣᠯᠭᠠᠭᠰᠠᠨ᠃ ᠮᠥᠨ ᠲᠥᠷᠥ᠂ ᠵᠠᠰᠠᠭ ᠠᠴᠠ ᠬᠢᠳᠡᠭ ᠲᠥᠷᠥᠯ ᠪᠦᠷᠢ ᠶᠢᠨ ᠬᠢᠨᠠᠯᠲᠠ ᠰᠢᠯᠭᠠᠯᠲᠠ ᠶᠢ ᠪᠠᠭᠠᠰᠬᠠᠵᠤ᠂ ᠵᠢᠯ ᠳᠦ ᠪᠡᠨ ᠲᠥᠷᠥ ᠡᠴᠡ ᠬᠠᠮᠤᠭ ᠤᠨ ᠶᠡᠬᠡ ᠳᠦ ᠪᠡᠨ ᠬᠣᠶᠠᠷ ᠬᠢᠨᠠᠯᠲᠠ ᠰᠢᠯᠭᠠᠯᠲᠠ ᠣᠷᠣᠭᠤᠯᠤᠨ᠎ᠠ ᠭᠡᠰᠡᠨ ᠵᠣᠬᠢᠴᠠᠭᠤᠯᠤᠯᠲᠠ ᠶᠢ ᠲᠤᠰᠬᠠᠭᠰᠠᠨ ᠭᠡᠪᠡ᠃