ᠪᠦᠷᠢᠳᠬᠡᠯ ᠲᠡᠢ ᠨᠢᠭᠡ ᠰᠠᠶ᠎ᠠ ᠭᠠ ᠭᠠᠵᠠᠷ ᠤᠨ 70 ᠬᠤᠪᠢ ᠶᠢ ᠠᠰᠢᠭᠯᠠᠵᠤ ᠪᠠᠶᠢᠨ᠎ᠠ | News.MN

ᠪᠦᠷᠢᠳᠬᠡᠯ ᠲᠡᠢ ᠨᠢᠭᠡ ᠰᠠᠶ᠎ᠠ ᠭᠠ ᠭᠠᠵᠠᠷ ᠤᠨ 70 ᠬᠤᠪᠢ ᠶᠢ ᠠᠰᠢᠭᠯᠠᠵᠤ ᠪᠠᠶᠢᠨ᠎ᠠ

ᠭᠠᠵᠠᠷ ᠲᠠᠷᠢᠶᠠᠯᠠᠩ ᠤᠨ ᠪᠦᠷᠢᠳᠬᠡᠯ ᠦᠨ ᠨᠢᠭᠡᠳᠦᠭᠰᠡᠨ ᠰᠢᠰᠲ᠋ᠧᠮ ᠳᠦ 1700 ᠣᠷᠴᠢᠮ ᠠᠵᠤ ᠠᠬᠤᠢ ᠶᠢᠨ ᠨᠢᠭᠡᠴᠡ᠂ 9000 ᠭᠠᠷᠤᠢ ᠲᠠᠷᠢᠶᠠᠯᠠᠩᠴᠢ ᠪᠦᠷᠢᠳᠬᠡᠭᠦᠯᠵᠡᠢ᠃ ᠲᠤᠰ ᠰᠢᠰᠲ᠋ᠧᠮ ᠳᠦ ᠲᠠᠷᠢᠶᠠᠯᠠᠩ ᠤᠨ ᠨᠢᠭᠡ ᠰᠠᠶ᠎ᠠ ᠣᠷᠴᠢᠮ ᠭᠠ ᠲᠠᠯᠠᠪᠠᠢ ᠪᠦᠷᠢᠳᠬᠡᠯ ᠲᠡᠢ ᠪᠠᠶᠢᠭ᠎ᠠ ᠠᠴᠠ 700 ᠮᠢᠩᠭᠠᠨ ᠭᠠ ᠶᠢ ᠠᠰᠢᠭᠯᠠᠵᠤ ᠪᠠᠶᠢᠨ᠎ᠠ᠃
ᠭᠠᠵᠠᠷ ᠲᠠᠷᠢᠶᠠᠯᠠᠩ ᠤᠨ ᠪᠦᠷᠢᠳᠬᠡᠯ ᠦᠨ ᠨᠢᠭᠡᠳᠦᠭᠰᠡᠨ ᠰᠢᠰᠲ᠋ᠧᠮ ᠴᠠᠬᠢᠮᠵᠢᠵᠦ᠂ ᠡᠨᠳᠡ ᠠᠰᠢᠭᠯᠠᠵᠤ ᠪᠤᠢ ᠲᠠᠷᠢᠶᠠᠯᠠᠩ ᠤᠨ ᠭᠠᠵᠠᠷ ᠠᠴᠠ ᠭᠠᠳᠠᠨ᠎ᠠ ᠲᠠᠷᠢᠶᠠᠯᠠᠯᠲᠠ ᠶᠢᠨ ᠪᠣᠯᠤᠨ ᠤᠷᠭᠤᠴᠠ ᠶᠢᠨ ᠮᠡᠳᠡᠭᠡ᠂ ᠲᠣᠨᠣᠭ ᠲᠥᠬᠥᠭᠡᠷᠦᠮᠵᠢ ᠶᠢᠨ ᠪᠦᠷᠢᠳᠬᠡᠯ᠂ ᠲᠥᠯᠥᠪᠯᠡᠯᠲᠡ᠂ ᠬᠡᠷᠡᠭᠯᠡᠭᠰᠡᠨ ᠤᠷᠭᠤᠮᠠᠯ ᠬᠠᠮᠠᠭᠠᠯᠠᠯ ᠤᠨ ᠪᠣᠳᠠᠰ᠂ ᠪᠣᠷᠳᠣᠭᠠᠨ ᠤ ᠨᠡᠷ᠎ᠡ ᠲᠥᠷᠥᠯ᠂ ᠲᠣᠭ᠎ᠠ ᠮᠡᠳᠡᠭᠡ ᠵᠡᠷᠭᠡ ᠣᠯᠠᠨ ᠲᠠᠯ᠎ᠠ ᠶᠢᠨ ᠮᠡᠳᠡᠭᠡᠯᠡᠯ᠂ ᠦᠵᠡᠭᠦᠯᠦᠯᠲᠡ ᠶᠢ ᠨᠢᠭᠡᠳᠬᠡᠨ ᠣᠷᠣᠭᠤᠯᠵᠤ ᠪᠤᠢ  ᠶᠤᠮ᠃
ᠮᠥᠨ ᠲᠠᠷᠢᠶᠠᠯᠠᠩᠴᠢᠳ ᠭᠠᠵᠠᠷ ᠲᠠᠷᠢᠶᠠᠯᠠᠩ ᠤᠨ ᠪᠦᠷᠢᠳᠬᠡᠯ ᠦᠨ ᠨᠢᠭᠡᠳᠦᠭᠰᠡᠨ ᠰᠢᠰᠲ᠋ᠧᠮ ᠳᠦ ᠪᠦᠷᠢᠳᠬᠡᠭᠦᠯᠦᠭᠰᠡᠨ ᠢᠶᠡᠷ ᠴᠠᠬᠢᠮ ᠲᠡᠦᠬᠡ ᠲᠡᠢ ᠪᠣᠯᠵᠤ᠂ ᠵᠢᠭᠡᠯᠡ ᠪᠣᠯᠤᠨ ᠤᠷᠮᠠᠰᠢᠭᠤᠯᠤᠯ ᠳᠤ ᠬᠠᠮᠤᠷᠤᠭᠳᠠᠬᠤ ᠵᠡᠷᠭᠡ ᠪᠣᠯᠤᠮᠵᠢ ᠪᠥᠷᠢᠳᠴᠦ ᠪᠤᠢ  ᠶᠤᠮ᠃

ᠰᠡᠳᠬᠢᠭᠳᠡᠯ ᠦᠯᠡᠳᠡᠭᠡᠬᠦ