ᠲᠥᠯᠥᠭᠡᠯᠡᠭᠴᠢᠳ ᠺᠠᠨᠠᠳᠠ ᠶᠢᠨ ᠭᠠᠵᠠᠷ ᠲᠠᠷᠢᠶᠠᠯᠠᠩ ᠤᠨ ᠦᠵᠡᠰᠬᠦᠯᠡᠩ ᠳᠦ ᠣᠷᠣᠯᠴᠠᠵᠤ ᠪᠠᠶᠢᠨ᠎ᠠ | News.MN

ᠲᠥᠯᠥᠭᠡᠯᠡᠭᠴᠢᠳ ᠺᠠᠨᠠᠳᠠ ᠶᠢᠨ ᠭᠠᠵᠠᠷ ᠲᠠᠷᠢᠶᠠᠯᠠᠩ ᠤᠨ ᠦᠵᠡᠰᠬᠦᠯᠡᠩ ᠳᠦ ᠣᠷᠣᠯᠴᠠᠵᠤ ᠪᠠᠶᠢᠨ᠎ᠠ

ᠮᠣᠩᠭᠣᠯ ᠤᠯᠤᠰ ᠠᠴᠠ ᠺᠠᠨᠠᠳᠠ ᠤᠯᠤᠰ ᠲᠤ ᠰᠠᠭᠤᠭ᠎ᠠ ᠡᠯᠴᠢᠨ ᠰᠠᠶᠢᠳ ᠶᠠ᠊∙ᠠᠷᠢᠭᠤᠨᠪᠤᠯᠤᠳ 6 ᠳ᠋ᠤᠭᠠᠷ ᠰᠠᠷ᠎ᠠ ᠶᠢᠨ 19-21  ᠦ ᠡᠳᠦᠷ ᠦᠳ ᠲᠦ ᠺᠠᠨᠠᠳᠠ ᠤᠯᠤᠰ ᠤᠨ ᠰᠠᠰᠺᠠᠴᠧᠸᠠᠨ ᠮᠤᠵᠢ ᠳᠤ ᠠᠵᠢᠯᠯᠠᠵᠤ᠂ ᠷᠧᠵᠠᠢᠨᠠ ᠬᠤᠲᠠ ᠳᠤ ᠵᠣᠬᠢᠶᠠᠨ ᠪᠠᠶᠢᠭᠤᠯᠤᠭᠳᠠᠵᠤ ᠪᠤᠢ ᠺᠠᠨᠠᠳᠠ ᠶᠢᠨ ᠭᠠᠵᠠᠷ ᠲᠠᠷᠢᠶᠠᠯᠠᠩ ᠤᠨ ᠦᠵᠡᠰᠬᠦᠯᠡᠩ︵Farm Show 2023︶ ᠳᠦ ᠤᠷᠤᠯᠴᠠᠪᠠ᠃
ᠲᠡᠷᠡ ᠲᠤᠰ ᠦᠵᠡᠰᠬᠦᠯᠡᠩ ᠳᠦ ᠣᠷᠣᠯᠴᠠᠵᠤ ᠪᠤᠢ ᠮᠤᠩᠭᠤᠯ ᠤᠯᠤᠰ ᠤᠨ ᠲᠥᠯᠥᠭᠡᠯᠡᠯ ᠪᠣᠯᠤᠨ ᠹᠧᠷᠮᠧᠷ ᠦᠳ ᠦᠨ ᠬᠠᠮᠲᠤ ᠰᠠᠰᠺᠠᠴᠧᠸᠠᠨ ᠮᠤᠵᠢ ᠶᠢᠨ ᠬᠥᠳᠡᠭᠡ ᠠᠵᠤ ᠠᠬᠤᠢ ᠶᠢᠨ ᠶᠠᠮᠤᠨ᠂ ᠬᠤᠳᠠᠯᠳᠤᠭ᠎ᠠ᠂ ᠡᠺᠰᠫᠣᠷᠲ ᠤᠨ ᠬᠥᠭᠵᠢᠯ ᠦᠨ ᠶᠠᠮᠤᠨ ᠪᠣᠯᠤᠨ ᠰᠠᠰᠺᠠᠴᠧᠸᠠᠨ  ᠤ ᠬᠤᠳᠠᠯᠳᠤᠭ᠎ᠠ᠂ ᠡᠺᠰᠫᠣᠷᠲ ᠤᠨ ᠲᠦᠩᠰᠢᠯᠡᠯ ᠦᠨ ᠪᠠᠶᠢᠭᠤᠯᠤᠯᠭ᠎ᠠ ᠶᠢᠨ ᠤᠳᠤᠷᠢᠳᠤᠯᠭ᠎ᠠ᠂ ᠷᠧᠵᠠᠢᠨᠠ ᠬᠣᠲᠠ ᠶᠢᠨ ᠳᠠᠷᠤᠭ᠎ᠠ᠂《Farm Show》  ᠤᠨ ᠶᠡᠷᠦᠩᠬᠡᠶᠢᠯᠡᠭᠴᠢ ᠨᠠᠷ ᠲᠠᠢ ᠠᠯᠪᠠᠨ ᠤ ᠠᠭᠤᠯᠵᠠᠯᠲᠠ ᠨᠤᠭᠤᠳ ᠬᠢᠪᠡ᠃
ᠺᠠᠨᠠᠳᠠ ᠶᠢᠨ ᠲᠠᠯ᠎ᠠ ᠰᠠᠰᠺᠠᠴᠧᠸᠠᠨ ᠮᠤᠵᠢ ᠶᠢᠨ ᠬᠥᠳᠡᠭᠡ ᠠᠵᠤ ᠠᠬᠤᠢ ᠶᠢᠨ ᠰᠠᠯᠪᠤᠷᠢ ᠶᠢᠨ ᠬᠥᠭᠵᠢᠯ᠂ ᠥᠨᠥ ᠶᠢᠨ ᠪᠠᠶᠢᠳᠠᠯ᠂ ᠲᠡᠷᠡ ᠳᠤᠮᠳᠠ ᠪᠠᠨ ᠬᠥᠷᠥᠰᠥ ᠬᠥᠨᠳᠡᠬᠦ ᠦᠭᠡᠢ ᠲᠠᠷᠢᠶᠠᠯᠠᠩ᠂ ᠤᠰᠤᠯᠠᠭ᠎ᠠ᠂ ᠡᠺᠰᠫᠣᠷᠲ ᠤᠨ ᠲᠤᠬᠠᠢ ᠲᠠᠨᠢᠯᠴᠠᠭᠤᠯᠵᠤ᠂ ᠬᠣᠶᠠᠷ ᠲᠠᠯ᠎ᠠ ᠶᠢᠨ ᠬᠤᠳᠠᠯᠳᠤᠭ᠎ᠠ᠂ ᠬᠠᠮᠲᠤ ᠶᠢᠨ ᠠᠵᠢᠯᠯᠠᠭᠠᠨ ᠤ ᠪᠣᠯᠤᠮᠵᠢ ᠶᠢᠨ ᠲᠠᠯ᠎ᠠ ᠪᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ